ᠬᠠᠳᠤᠯᠠᠩ ᠤᠨ ᠬᠤᠭᠤᠴᠠᠭᠠᠨ ᠳᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2023/8/25
    ᠨᠠᠮᠤᠷ ᠤᠨ ᠠᠭᠤᠷ ᠤᠷᠤᠵᠤ᠂  ᠡᠪᠡᠰᠦ ᠮᠤᠳᠤ ᠬᠠᠳᠠᠬᠤ ᠶᠢ ᠲᠠᠭᠠᠯᠳᠤᠭᠠᠳ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠴᠤ ᠬᠦᠨᠳᠦ ᠬᠠᠳᠠᠭᠤ ᠰᠢᠯᠭᠠᠯᠳᠠ ᠳᠤ ᠤᠴᠠᠷᠠᠳᠠᠭ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠪᠦᠲᠦᠮᠵᠢᠲᠡᠶ ᠰᠡᠷᠭᠡᠶᠢᠯᠡᠬᠦ ᠶᠢᠨ ᠲᠤᠰᠠᠳᠠ᠂ ᠡᠳᠦᠭᠡ  ᠨᠠᠮᠤᠷ ᠤᠨ ᠬᠤᠷᠢᠶᠠᠯᠳᠠ ᠶᠢᠨ ᠬᠤᠭᠤᠴᠠᠭᠠᠨ ᠳᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠴᠢᠩᠭᠠᠳᠬᠠᠬᠤ ᠲᠤᠬᠠᠢ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠨ ᠮᠡᠳᠡᠭᠳᠡᠰᠦᠬᠡᠢ᠄     ᠨᠢᠭᠡ᠂  ᠡᠪᠡᠰᠦ ᠬᠠᠳᠤᠵᠤ ᠬᠤᠷᠢᠶᠠᠬᠤ ᠠᠵᠢᠯ ᠡᠬᠢᠯᠡᠭᠰᠡᠨ ᠠᠴᠠ ᠳᠠᠭᠤᠰᠲᠠᠯ᠎ᠠ᠂ ᠡᠯ᠎ᠡ ᠰᠤᠮᠤ ᠰᠢᠶᠠᠩ ᠪᠠᠯᠭᠠᠰᠤ᠂ ᠬᠤᠯᠪᠣᠭᠳᠠᠯ ᠪᠦᠬᠦᠢ ᠨᠢᠭᠡᠴᠡ ᠬᠢᠭᠡᠳ ᠬᠤᠪᠢ ᠬᠥᠮᠥᠨ ᠨᠢᠬᠡᠪᠦᠷᠢ ᠡᠷᠬᠡᠪᠰᠢ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ  ᠨᠠᠶᠢᠳᠠᠪᠤᠷᠢᠵᠢᠭᠤᠯᠵᠤ᠂ ᠭᠠᠯ ᠠᠯᠳᠠᠬᠤ ᠠᠴᠠ ᠴᠢᠩᠭ᠎ᠠ ᠰᠡᠷᠭᠡᠶᠢᠯᠡᠬᠦ ᠬᠡᠷᠡᠭᠲᠡᠢ᠃      ᠬᠤᠶᠠᠷ᠂ ᠨᠤᠳᠤᠭ ᠪᠡᠯᠴᠢᠭᠡᠷ ᠲᠦᠷᠢᠶᠡᠰᠦᠯᠡᠭᠰᠡᠨ ᠬᠦᠮᠦᠨ ᠪᠠ ᠡᠪᠡᠰᠦ ᠬᠠᠳᠤᠬᠤ ᠬᠦᠮᠦᠨ ᠨᠢ ᠡᠷᠬᠡᠪᠰᠢ ᠰᠤᠮᠤ ᠰᠢᠶᠠᠩ ᠪᠠᠯᠭᠠᠰᠤ ᠲᠠᠢ ︽ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠭᠡᠷ᠎ᠡ︾ ᠲᠤᠭᠳᠠᠬᠤ ᠬᠡᠷᠡᠭᠲᠡᠢ᠃     ᠭᠤᠷᠪᠠ᠂ ᠬᠠᠳᠤᠯᠠᠩ ᠤᠨ ᠬᠤᠭᠤᠴᠠᠭᠠᠨ ᠳᠤ ᠲᠡᠷᠭᠡ ᠭᠠᠯᠯᠠᠬᠤ ᠳᠠᠭᠠᠨ ᠭᠠᠯ ᠠᠯᠳᠠᠬᠤ ᠶᠢ ᠠᠩᠬᠠᠷᠴᠤ᠂ ᠡᠪᠡᠰᠦ ᠬᠠᠳᠤᠬᠤ ᠮᠠᠰᠢᠨ᠂ ᠲᠷᠠᠺᠲ᠋ᠣᠷ᠂ ᠡᠪᠡᠰᠦ ᠵᠥᠭᠡᠭᠡᠪᠦᠷᠢᠯᠡᠬᠦ ᠲᠡᠷᠭᠡ ᠬᠥᠰᠬᠡ ᠵᠡᠷᠭᠡ ᠳᠤ ᠡᠷᠬᠡᠪᠰᠢ ᠭᠠᠯ ᠰᠡᠷᠭᠡᠶᠢᠯᠡᠬᠦ ᠲᠣᠨᠣᠭᠯᠠᠯ ᠤᠭᠰᠠᠷᠠᠵᠤ᠂ ᠮᠠᠰᠢᠨ ᠲᠤᠨᠤᠭ ᠪᠤᠶᠤ ᠴᠠᠬᠢᠯᠭᠠᠨ ᠬᠡᠯᠬᠢᠶᠡᠨ ᠤ ᠡᠪᠳᠡᠷᠡᠯ ᠵᠡᠷᠭᠡ ᠠᠴᠠ ᠪᠣᠯᠵᠤ  ᠭᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃      ᠳᠥᠷᠪᠡ᠂ ᠡᠪᠡᠰᠦ ᠬᠠᠳᠤᠬᠤ ᠪᠠ ᠡᠪᠡᠰᠦ ᠵᠥᠭᠡᠭᠡᠪᠦᠷᠢᠯᠡᠬᠦ ᠲᠡᠷᠭᠡ ᠬᠦᠰᠭᠡᠨ ᠤ ᠵᠢᠯᠣᠭᠤᠴᠢ ᠪᠤᠶᠤ ᠲᠡᠷᠭᠡᠨ ᠲᠡᠭᠡᠷᠡᠬᠢ ᠬᠦᠮᠦᠰ ᠭᠠᠳᠠᠭᠰᠢ ᠪᠠᠨ ᠭᠠᠯ ᠤᠨ ᠵᠦᠢᠯ ᠬᠠᠶᠠᠬᠤ ᠶᠢ ᠡᠷᠡᠰ ᠴᠠᠭᠠᠵᠠᠯᠠᠨ᠎ᠠ᠃     ᠲᠠᠪᠤ᠂ ᠡᠪᠡᠰᠦ ᠬᠠᠳᠤᠬᠤ ᠪᠠ ᠡᠪᠡᠰᠦ ᠵᠥᠭᠡᠭᠡᠪᠦᠷᠢᠯᠡᠬᠦ ᠦᠶᠡᠰ ᠭᠠᠯ ᠤᠨ ᠵᠦᠢᠯ ᠠᠪᠴᠤ ᠶᠠᠪᠤᠬᠤ ᠶᠢ ᠴᠡᠭᠡᠷᠯᠡᠨ᠂ ᠬᠡᠭᠡᠷ᠎ᠡ ᠭᠠᠳᠠᠨ᠎ᠠ ᠲᠠᠮᠠᠬᠢ ᠲᠠᠲᠠᠬᠤ  ᠂ ᠭᠠᠯ ᠨᠤᠴᠤᠭᠠᠵᠤ ᠲᠤᠭᠤᠭᠠᠯᠠᠬᠤ ᠪᠤᠶᠤ ᠲᠤᠯᠠᠭᠠᠯᠠᠬᠤ ᠵᠡᠷᠭᠡ ᠦᠵᠡᠭᠳᠡᠯ ᠢ ᠡᠷᠡᠰ ᠴᠠᠭᠠᠵᠠᠯᠠᠨ᠎ᠠ᠃     ᠵᠢᠷᠭᠤᠭ᠎ᠠ᠂ ᠬᠡᠭᠡᠷ᠎ᠡ ᠭᠠᠳᠠᠨ᠎ᠠ ᠲᠦᠷ ᠴᠠᠭ ᠤᠨ ᠴᠢᠨᠠᠷᠲᠠᠢ ᠬᠤᠨᠤᠵᠤ ᠭᠡᠪᠳᠡᠬᠦ ᠳᠤ ᠡᠷᠭᠡᠪᠰᠢ 20 ᠮᠧᠲᠷ ᠥᠷᠭᠡᠨ ᠲᠦᠷ ᠴᠠᠭ ᠤᠨ ᠴᠢᠨᠠᠷᠲᠠᠢ ᠲᠤᠰᠠᠭᠠᠷᠯᠠᠬᠤ ᠤᠷᠤᠨ ᠭᠠᠷᠭᠠᠵᠤ ᠭᠠᠯ ᠤᠨ ᠠᠶᠤᠯ ᠢ ᠰᠡᠷᠭᠡᠶᠢᠯᠡᠨ᠂ ᠬᠡᠭᠡᠷ᠎ᠡ ᠭᠠᠳᠠᠨ᠎ᠠ ᠠᠵᠢᠯᠯᠠᠬᠤ   ᠳᠤ ᠡᠷᠭᠡᠪᠰᠢ ᠭᠠᠯ ᠤᠨᠲᠠᠷᠠᠭᠠᠬᠤ ᠪᠠᠭᠠᠵᠢ ᠲᠦᠬᠦᠭᠡᠷᠦᠮᠵᠢ ︵ ᠰᠠᠯᠬᠢᠨ ᠬᠦᠴᠦ ᠪᠠᠷ ᠭᠠᠯ ᠤᠨᠲᠠᠷᠠᠭᠠᠬᠤ ᠮᠠᠰᠢᠨ᠂  ᠬᠦᠷᠵᠡ᠂ ᠱᠦᠭᠦᠷ ᠵᠡᠷᠭᠡ︶ ᠶᠢ ᠪᠡᠯᠡᠳᠭᠡᠬᠦ ᠬᠡᠷᠡᠭᠲᠡᠢ᠃     ᠳᠣᠯᠤᠭ᠎ᠠ᠂  ᠭᠠᠯ ᠤᠨ ᠠᠶᠤᠯ ᠠᠮᠠᠷᠬᠠᠨ ᠡᠬᠦᠰᠬᠦ ᠪᠤᠯᠤᠮᠵᠢ ᠲᠠᠢ ᠭᠠᠵᠠᠷ ᠣᠷᠣᠨ ᠤ ᠮᠠᠯᠴᠢᠨ ᠲᠠᠷᠢᠶᠠᠴᠢᠨ ᠪᠠᠶᠢᠰᠢᠩ ᠤᠨ ᠢᠶᠠᠨ ᠬᠤᠯᠠᠩ ᠳᠤ ᠭᠠᠯ ᠰᠡᠷᠭᠡᠶᠢᠯᠡᠬᠦ ᠪᠦᠷᠬᠦᠭᠦᠯ ᠲᠠᠭᠠᠷᠠᠭᠤᠯᠵᠤ᠂  5 ᠠᠴᠠ ᠲᠡᠭᠡᠭᠰᠢ ᠳᠡᠰ ᠤᠨ ᠰᠠᠯᠬᠢᠨ ᠲᠠᠢ ᠦᠶᠡᠰ ᠠᠷᠭᠠᠯ ᠨᠡᠬᠦᠷᠡᠰᠦ ᠲᠦᠯᠡᠬᠦ ᠶᠢ ᠴᠡᠭᠡᠷᠯᠡᠨ᠎ᠡ᠂  ᠨᠡᠩ ᠢᠯᠠᠩᠭᠤᠶ᠎ᠠ ᠭᠠᠯ ᠲᠠᠢ ᠦᠨᠡᠰᠦ ᠬᠠᠶᠠᠬᠤ ᠶᠢ ᠡᠷᠡᠰ ᠴᠠᠭᠠᠵᠠᠯᠠᠬᠤ ᠬᠡᠷᠡᠭᠲᠡᠢ᠃    ᠨᠠᠢᠮᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠳᠠ ᠳᠤ ᠭᠠᠯ ᠰᠡᠷᠭᠡᠶᠢᠯᠡᠯᠳᠡ ᠪᠤᠯ ᠲᠡᠷᠢᠬᠦᠨ ᠴᠢᠬᠤᠯᠠ᠃ ᠣᠶ ᠰᠢᠭᠤᠢ ᠨᠤᠲᠤᠭ ᠪᠡᠯᠴᠢᠭᠡᠷ ᠤᠨ ᠭᠠᠯ  ᠲᠦᠢᠮᠡᠷ ᠢ ᠰᠡᠷᠭᠡᠶᠢᠯᠡᠬᠦ ᠪᠣᠯ ᠠᠷᠠᠳ ᠢᠷᠭᠡᠨ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠪᠣᠯᠣᠨ᠎ᠠ᠂  ᠦᠷᠭᠡᠨ ᠤᠯᠠᠨ ᠠᠷᠠᠳ ᠢᠷᠭᠡᠳ ᠭᠠᠯ ᠤᠨ ᠪᠠᠶᠢᠳᠠᠯ ᠢ ᠣᠯᠵᠤ ᠮᠡᠳᠡᠪᠡᠯ ᠳᠠᠷᠤᠢ ᠲᠦᠷᠭᠡᠨ ᠮᠡᠳᠡᠭᠦᠯᠬᠦ ᠶᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠤᠨᠲᠠᠷᠠᠭᠠᠬᠤ ᠬᠡᠷᠡᠭᠲᠡᠢ᠃       ᠲᠠᠶᠢᠹᠤᠰᠧ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ   ᠢ ᠮᠡᠳᠡᠬᠦᠯᠬᠦ ᠤᠲᠠᠰᠤ ᠄ 12119       ᠲᠠᠶᠢᠹᠤᠰᠧ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ᠄ 0479 ︱ 5238277       ᠲᠠᠶᠢᠹᠤᠰᠧ ᠬᠤᠰᠢᠭᠤᠨ ᠤ ᠣᠶ ᠰᠢᠭᠤᠢ  ᠨᠤᠳᠤᠭ ᠪᠡᠯᠴᠢᠭᠡᠷ ᠤᠨ ᠲᠣᠪᠴᠢᠶ᠎ᠠ᠄ 0479 ︱ 5222413                                             ᠲᠠᠶᠢᠹᠤᠰᠧ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ              ᠠᠵᠢᠯ  ᠤᠨ  ᠵᠢᠯᠤᠭᠤᠳᠬᠤ  ᠭᠠᠵᠠᠷ  ᠤᠨ  ᠠᠯᠪᠠᠨ  ᠭᠡᠷ                              2023 ᠣᠨ ᠤ 8 ᠰᠠᠷ᠎ᠠ ᠶᠢᠨ 24 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号