ᠯᠦᠸᠧ ᠲᠦᠸᠧ ᠱᠠᠨ ᠪᠠᠯᠭᠠᠰᠤ᠄  ᠲᠡᠭᠡᠳᠦ ᠱᠠᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ︽ᠡᠵᠢ ᠶᠢᠨ ᠤᠰᠤᠨ ᠵᠣᠭᠤᠷᠢ︾ ᠶᠢᠨ ᠲᠥᠷᠥᠯ ᠵᠦᠢᠯ ᠳᠤ ᠪᠠᠶᠢᠴᠠᠭᠠᠨ ᠰᠤᠳᠤᠯᠤᠯᠳᠠ ᠬᠢᠭᠰᠡᠨ
ᠨᠡᠶᠢᠲᠡᠯᠡᠭᠰᠡᠨ ᠴᠠᠭ᠄
2023/8/25
  8 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭᠠᠨ ᠤ ᠬᠢᠨ ᠯᠦᠸᠧ ᠲᠦᠸᠧ ᠱᠠᠨ ᠪᠠᠯᠭᠠᠰᠤᠨ ᠳᠤ ᠬᠦᠨᠵᠡᠬᠡᠶᠢᠷᠡᠵᠦ᠂ ︽ ᠡᠵᠢ ᠶᠢᠨ ᠤᠰᠤᠨ ᠵᠣᠭᠤᠷᠢ︾ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃  ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠶᠢᠩ ᠫᠠᠨ ᠭᠧᠦ ᠲᠣᠰᠬᠤᠨ ᠤ ᠲᠦᠷᠦᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠠᠵᠢᠯᠯᠠᠭᠠᠨ ᠪᠠ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠰᠣᠨᠣᠰᠤᠭᠰᠠᠨ ᠪᠥᠭᠡᠳ ᠠᠶᠢᠯ ᠡᠷᠦᠬᠡ ᠪᠠᠷ ᠲᠤᠭᠤᠷᠢᠵᠤ ᠦᠢᠯᠡᠳᠪᠦᠷᠢᠯᠡᠯ ᠠᠮᠢᠳᠤᠷᠠᠯ ᠤᠨ ᠤᠰᠤ ᠭᠡᠷᠡᠭᠯᠡᠵᠦ ᠪᠠᠶᠢᠭ᠎ᠠ ᠪᠠᠶᠢᠳᠠᠯ ᠢ ᠤᠶᠢᠯᠠᠭᠠᠨ᠂ ︽ ᠡᠵᠢ ᠶᠢᠨ ᠤᠰᠤᠨ ᠵᠣᠭᠤᠷᠢ︾ ᠶᠢᠨ ᠲᠦᠷᠦᠯ ᠵᠦᠢᠯ ᠢ ᠬᠡᠷᠡᠭᠵᠢᠭᠦᠯᠦᠭᠰᠡᠨ ᠠᠴᠠ ᠨᠠᠰᠢᠬᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠠᠪᠴᠢᠷᠠᠭᠰᠠᠨ ᠬᠤᠪᠢᠷᠠᠯᠲᠠ ᠶᠢ ᠭᠦᠨᠵᠡᠭᠡᠢ ᠤᠶᠢᠯᠠᠭᠠᠭᠰᠠᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ︽ᠡᠵᠢ ᠶᠢᠨ ᠤᠰᠤᠨ ᠵᠣᠭᠤᠷᠢ︾  ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠲᠦᠷᠦᠯ ᠵᠦᠢᠯ ᠤᠨ ᠬᠡᠷᠡᠭᠵᠢᠭᠦᠯᠦᠯᠲᠡ᠂ ᠬᠠᠮᠢᠶᠠᠷᠤᠯᠲᠠ᠂ ᠬᠡᠷᠡᠭᠯᠡᠯᠲᠡ ᠪᠣᠯᠣᠨ ᠦᠷ᠎ᠡ ᠠᠰᠢᠭ ᠢ ᠭᠦᠢᠴᠡᠳ ᠨᠤᠲᠠᠯᠠᠵᠤ᠂ ︽ᠡᠵᠢ ᠶᠢᠨ ᠤᠰᠤᠨ ᠵᠣᠭᠤᠷᠢ︾ ᠶᠢᠨ ᠲᠦᠷᠦᠯ ᠵᠦᠢᠯ ᠨᠢ ᠲᠣᠰᠬᠤᠨ ᠤ ᠬᠥᠮᠥᠨ ᠮᠠᠯ ᠤᠨ ᠤᠤᠭᠤᠬᠤ ᠤᠰᠤᠨ ᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠡᠮᠡᠭᠲᠡᠶᠢᠴᠦᠳ ᠬᠡᠦᠬᠡᠳ ᠪᠠᠭᠠᠴᠤᠳ ᠤᠨ ᠣᠷᠣᠰᠢᠨ ᠲᠣᠭᠲᠠᠨᠢᠵᠤ ᠬᠥᠭᠵᠢᠬᠦ ᠣᠷᠴᠢᠨ ᠨᠦᠬᠦᠴᠡᠯ ᠢ ᠰᠠᠶᠢᠵᠢᠷᠠᠭᠤᠯᠤᠭᠠᠳ᠂ ᠤᠯᠠᠨ ᠲᠦᠮᠡᠨ ᠳᠤ ᠦᠨᠡᠨᠬᠦ ᠤᠷᠳᠤ ᠬᠤᠭᠤᠴᠠᠭ᠎ᠠ ᠪᠠᠷ ᠠᠰᠢᠭ ᠬᠦᠷᠲᠡᠭᠡᠵᠡᠢ ᠭᠡᠵᠦ ᠦᠵᠡᠪᠡ᠃  ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠶᠢᠩ ᠫᠠᠨ ᠭᠧᠦ ᠲᠣᠰᠬᠤᠨ ᠤ ᠬᠢᠨ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠲᠤ ᠬᠡᠮᠡᠷᠯᠢᠭ ᠲᠤᠭ ᠪᠡᠯᠡᠭᠯᠡᠵᠦ ᠪᠠᠶᠠᠷ ᠲᠠᠯᠠᠷᠬᠠᠯ ᠢᠶᠠᠨ ᠢᠯᠡᠳᠬᠡᠵᠡᠢ᠃ ᠣᠶᠢᠯᠠᠭᠠᠭᠰᠠᠨ ᠢᠶᠠᠷ᠂  ᠶᠢᠩ ᠫᠠᠨ ᠭᠧᠦ ᠲᠣᠰᠬᠤᠨ ᠤ ᠤᠰᠤ ᠬᠠᠩᠭᠠᠬᠤ ᠢᠨᠵᠧᠨᠧᠷᠢᠩ ᠢ 2019 ᠣᠨ ᠤ 9 ᠰᠠᠷ᠎ᠠ ᠶᠢᠨ 26  ᠤ ᠡᠳᠦᠷ ᠡᠬᠢᠯᠡᠭᠦᠯᠵᠦ᠂ 2019 ᠣᠨ ᠤ 11 ᠰᠠᠷ᠎ᠠ ᠶᠢᠨ 2  ᠤᠨ ᠡᠳᠦᠷ ᠲᠠᠭᠤᠰᠬᠠᠭᠰᠠᠨ ᠪᠠᠶᠢᠨ᠎ᠠ  ᠃ ᠲᠦᠷᠦᠯ ᠵᠦᠢᠯ   ᠢ ᠭᠡᠷᠡᠭᠵᠢᠬᠦᠯᠬᠦ ᠳᠤ 48 ᠲᠦᠮᠡᠨ ᠲᠥᠭᠦᠷᠢᠭ   ᠤᠨ ᠪᠡᠯᠡ ᠤᠷᠤᠭᠤᠯᠵᠤ᠂  1 ᠰᠠᠭᠤᠷᠢ  ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠰᠢᠨ᠎ᠡ ᠪᠠᠷ  ᠪᠠᠶᠢᠭᠤᠯᠤᠭᠠᠳ᠂ 46 ᠡᠷᠦᠬᠡ 123 ᠬᠥᠮᠥᠨ  ᠵᠢᠴᠢ  440 ᠮᠠᠯ ᠤᠨᠤᠭᠠᠨ ᠤ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ᠃ ᠳᠡᠳ᠋ ᠬᠤᠰᠢᠭᠤ ᠳᠠᠷᠤᠭ᠎ᠠ  ᠡᠷᠳᠡᠨᠢᠪᠠᠭᠠᠳᠤᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠦ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ᠂  ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠢᠴᠢ ᠯᠦᠸᠧ ᠲᠦᠸᠧ ᠱᠠᠨ ᠪᠠᠯᠭᠠᠰᠤᠨ  ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号