8 ᠰᠠᠷ᠎ᠠ ᠶᠢᠨ 25 ᠤ ᠡᠳᠦᠷ᠂ ᠰᠢᠩ ᠹᠦ᠋ ᠰᠢᠶᠠᠩ 2023 ᠣᠨ ᠤ ᠲᠣᠰᠬᠤᠨ ᠤ ᠨᠠᠮ ᠤᠨ ᠡᠭᠦᠷ ᠤᠨ | ᠱᠦᠵᠢ ᠨᠡᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠷᠳᠡᠮ ᠠᠳᠠᠯᠢᠳᠬᠠᠵᠤ ᠤᠳᠤᠨ | ᠪᠤᠯᠢᠶᠠᠯᠳᠤᠬᠤ︾ ᠠᠵᠢᠯᠯᠠᠭ᠎ᠠ ᠦᠷᠨᠢᠬᠦᠯᠪᠡ᠃ ᠡᠨᠡ ᠤᠳᠠᠭᠠᠨ ᠤ ᠠᠵᠢᠯᠯᠠᠭ᠎ᠠ ᠶᠢ ᠠᠬᠤᠢ ᠲᠠᠯᠠᠪᠠᠢ ᠳᠤ ᠰᠢᠯᠭᠠᠨ | ᠦᠨᠡᠯᠡᠬᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ ᠶᠠᠷᠢᠶ᠎ᠠ ᠢᠯᠡᠳᠬᠡᠯ ᠬᠢᠬᠦ ᠵᠡᠷᠭᠡ ᠬᠡᠯᠪᠡᠷᠢ ᠪᠠᠷ | ᠶᠠᠪᠤᠭᠳᠠᠭᠤᠯᠵᠤ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ | ᠬᠠᠷᠢᠭᠤᠴᠠᠯᠭᠠᠲᠠᠨ᠂ ᠲᠣᠰᠬᠤᠨ ᠤ ︽ᠬᠤᠶᠠᠷ ᠵᠥᠪᠯᠡᠯ︾ ᠤᠨ ᠭᠡᠰᠢᠬᠦᠳ ᠠᠵᠢᠯᠯᠠᠭ᠎ᠠ ᠳᠤ ᠤᠷᠤᠯᠴᠠᠨ᠂ 21 | ᠲᠣᠰᠬᠤᠨ ᠤ ᠨᠠᠮ ᠤᠨ ᠡᠭᠦᠷ ᠤᠨ ᠱᠦᠵᠢ ᠡᠬᠡᠯᠵᠢ ᠪᠠᠷ ᠲᠠᠶᠢᠰᠠᠨ ᠳᠤ ᠭᠠᠷᠴᠤ ᠢᠯᠡᠳᠬᠡᠯ ᠬᠢᠵᠡᠢ᠃ ᠰᠢᠶᠠᠩ ᠤᠨ | ᠨᠠᠮ ᠤᠨ ᠬᠤᠷᠢᠶᠠᠨ ᠤ ᠱᠦᠵᠢ ᠰᠦᠩ ᠹᠧᠩ ᠳ᠋ᠦᠩᠨᠡᠯᠲᠡ ᠶᠢᠨ ᠶᠠᠷᠢᠶ᠎ᠠ ᠲᠠᠯᠪᠢᠬᠤ ᠳᠠᠭᠠᠨ᠂ ᠨᠢᠭᠡ ᠳᠤ ᠦᠵᠡᠯ | ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠡᠷᠳᠡᠮ ᠠᠳᠠᠯᠢᠳᠬᠠᠵᠤ ᠤᠳᠤᠨ ᠪᠤᠯᠢᠶᠠᠯᠳᠤᠬᠤ︾ ᠠᠵᠢᠯᠯᠠᠭ᠎ᠠ ᠲᠠᠢ | ᠤᠶᠠᠯᠳᠤᠭᠤᠯᠤᠨ᠂ ᠠᠵᠢᠯ ᠤᠨ ᠰᠡᠳᠬᠢᠴᠡ ᠪᠠᠨ ᠰᠢᠯᠤᠭᠤᠳᠬᠠᠵᠤ᠂ ᠠᠵᠢᠯ ᠤᠨ ᠠᠷᠭ᠎ᠠ ᠪᠠᠨ ᠰᠢᠨᠡᠴᠢᠯᠡᠨ᠂ ᠠᠵᠢᠯ | ᠤᠨ ᠦᠷ᠎ᠡ ᠪᠦᠲᠦᠮᠵᠢ ᠪᠠᠨ ᠨᠡᠮᠡᠭᠳᠡᠬᠦᠯᠬᠦ ᠬᠡᠷᠡᠭᠲᠡᠢ᠃ ᠬᠤᠶᠠᠷ ᠲᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ | ᠬᠦᠷᠦᠯᠴᠡᠬᠦ ᠦᠭᠡᠢ ᠲᠠᠯ᠎ᠠ ᠪᠠᠨ ᠬᠠᠷᠢᠴᠠᠭᠤᠯᠵᠤ᠂ ᠲᠡᠷᠢᠭᠦᠨ ᠤ ᠬᠢ ᠠᠴᠠ ᠰᠤᠷᠤᠯᠴᠠᠨ᠂ ᠪᠤᠰᠤᠳ ᠤᠨ ᠰᠠᠶᠢᠨ | ᠠᠷᠭ᠎ᠠ ᠲᠤᠷᠰᠢᠯᠭ᠎ᠠ ᠶᠢ ᠰᠤᠷᠤᠯᠴᠠᠬᠤ ᠶᠢᠨ ᠬᠠᠮᠲᠤ ᠰᠣᠷᠣᠭᠰᠠᠨ ᠵᠦᠢᠯ ᠢᠶᠠᠨ ᠪᠣᠳᠠᠲᠠᠢ ᠠᠵᠢᠯ ᠤᠨ ᠳᠤᠮᠳᠠ ᠪᠠᠨ | ᠬᠡᠷᠡᠭᠯᠡᠬᠦ ᠬᠡᠷᠡᠭᠲᠡᠢ᠃ ᠭᠤᠷᠪᠠ ᠳᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ︽ᠰᠢᠯᠢᠳᠡᠭ | ᠢ ᠲᠠᠭᠤᠷᠢᠶᠠᠵᠤ ᠲᠡᠷᠢᠭᠦᠨ ᠤ ᠬᠢ ᠶᠢ ᠡᠭᠦᠳᠬᠦ︾ ᠠᠵᠢᠯᠯᠠᠭ᠎ᠠ᠂ ︽ ᠰᠢᠶᠠᠩ ᠢ ᠠᠳᠬᠤᠵᠤ ᠲᠣᠰᠬᠤᠨ ᠢ | ᠠᠬᠢᠭᠤᠯᠵᠤ ᠡᠷᠦᠬᠡ ᠶᠢ ᠳᠠᠭᠠᠭᠤᠯᠬᠤ︾ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠡᠷᠡᠰ ᠪᠠᠲᠤ | ᠢᠲᠡᠭᠡᠯ ᠪᠢᠰᠢᠷᠡᠯ᠂ ᠪᠣᠳᠠᠲᠠᠢ ᠶᠢ ᠡᠷᠬᠢᠮᠯᠡᠬᠦ ᠤᠪᠤᠷ ᠰᠤᠷᠲᠠᠯ᠂ ᠯᠠᠪᠳᠠᠭᠤᠨ ᠪᠠᠲᠤᠲᠠᠢ ᠡᠷᠴᠢ ᠵᠣᠷᠢᠭ ᠢᠶᠠᠷ ᠰᠢᠩ ᠹᠦ᠋ | ᠰᠢᠶᠠᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠬᠡᠵᠦ | ᠴᠢᠬᠤᠯᠠᠴᠢᠯᠠᠭᠰᠠᠨ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ᠂ ᠨᠠᠮ ᠤᠨ ᠪᠠᠶᠢᠭᠤᠯᠤᠯᠲᠠ ᠶᠢᠨ | ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠷᠠᠭᠤᠯᠵᠤ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠶᠢᠨ | ᠠᠵᠢᠯ ᠬᠢᠵᠦ ᠦᠢᠯᠡᠰ ᠪᠦᠳᠦᠭᠡᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠂ ᠨᠠᠮ ᠤᠨ | ᠪᠠᠶᠢᠭᠤᠯᠤᠯᠲᠠ ᠶᠢ ᠠᠳᠬᠤᠬᠤ᠂ ᠪᠣᠳᠠᠲᠤ ᠠᠮᠵᠢᠯᠲᠠ ᠪᠠᠨ ᠠᠳᠠᠯᠢᠳᠬᠠᠬᠤ ᠴᠤᠭ ᠰᠦᠯᠳᠡ ᠶᠢ ᠪᠦᠲᠦᠮᠵᠢᠲᠡᠶ | ᠳᠡᠭᠡᠭᠰᠢᠯᠡᠭᠦᠯᠵᠦ᠂ ᠬᠠᠮᠲᠤ ᠪᠠᠷ ᠬᠥᠭᠵᠢᠯᠲᠡ ᠶᠢ ᠰᠦᠪᠡᠭᠴᠢᠯᠡᠬᠦ᠂ ᠬᠠᠮᠲᠤ ᠪᠠᠷ ᠡᠷᠡᠯᠬᠡᠭᠯᠡᠨ ᠤᠷᠤᠭᠰᠢᠯᠠᠬᠤ | ᠠᠵᠢᠯ ᠤᠨ ᠬᠠᠮᠳᠤᠷᠠᠯ ᠬᠦᠴᠦᠨ ᠤ ᠪᠣᠶ ᠪᠣᠯᠬᠤ ᠶᠢ ᠠᠬᠢᠭᠤᠯᠤᠭᠠᠳ᠂ ᠡᠯ᠎ᠡ ᠲᠦᠷᠦᠯ ᠤᠨ ᠠᠵᠢᠯ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠬᠠᠩᠭᠠᠵᠠᠢ᠃ |