ᠬᠤᠩ ᠴᠢ ᠪᠠᠯᠭᠠᠰᠤᠨ ᠤ ᠬᠢᠨ ᠨᠠᠨᠺᠸᠦ ᠪᠠᠯᠭᠠᠰᠤ ᠯᠤᠭ᠎ᠠ ᠬᠠᠪᠰᠤᠷᠤᠨ ᠲᠡᠳᠬᠦᠬᠦ ᠠᠵᠢᠯ ᠢᠶᠠᠨ ᠵᠤᠯᠭᠠᠭᠤᠯᠪᠠ
ᠨᠡᠶᠢᠲᠡᠯᠡᠭᠰᠡᠨ ᠴᠠᠭ᠄
2023/8/27
   ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠴᠢᠨᠠᠭᠰᠢᠳᠠ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 23  ᠤ ᠡᠳᠦᠷ ᠪᠡᠭᠡᠵᠢᠩ ᠬᠤᠳᠠ ᠶᠢᠨ ᠴᠠᠩᠫᠢᠩ ᠲᠣᠭᠤᠷᠢᠭ ᠤᠨ ᠨᠠᠨᠺᠸᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢ ᠵᠧ ᠶᠤᠸᠠᠨ᠂ ᠪᠠᠶᠢᠩᠭᠤ ᠶᠢᠨ ᠳᠡᠳ᠋ ᠪᠠᠯᠭᠠᠰᠤᠨ ᠳᠠᠷᠤᠭ᠎ᠠ ᠵᠠᠩ ᠬᠤᠤ ᠢᠦᠢ ᠵᠡᠷᠭᠡ ᠬᠦᠮᠦᠰ ᠬᠤᠩ ᠴᠢ ᠪᠠᠯᠭᠠᠰᠤᠨ ᠳᠤ ᠢᠷᠡᠵᠤ ᠬᠠᠪᠰᠤᠷᠤᠨ ᠲᠡᠳᠬᠦᠬᠦ ᠠᠵᠢᠯ ᠢᠶᠠᠨ ᠵᠣᠯᠭᠠᠭᠤᠯᠪᠠ᠃  ᠳᠡᠳ᠋ ᠬᠤᠰᠢᠭᠤ ᠳᠠᠷᠤᠭ᠎ᠠ ᠹᠠᠨ ᠬᠤᠸᠠ ᠮᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠳᠡᠳ᠋ ᠳᠠᠷᠤᠭ᠎ᠠ ᠶᠧ ᠯᠢ  ᠂ ᠬᠤᠩ ᠴᠢ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃ ᠦᠳᠡ ᠶᠢᠨ ᠬᠤᠶᠢᠨ᠎ᠠ ᠬᠤᠷᠠᠯᠳᠤᠭᠰᠠᠨ   ︽ᠴᠠᠩᠫᠢᠩ ᠲᠣᠭᠤᠷᠢᠭ ᠤᠨ ᠨᠠᠨᠺᠸᠤ ᠪᠠᠯᠭᠠᠰᠤ ︱ ᠲᠠᠶᠢᠹᠤᠰᠧ ᠬᠤᠰᠢᠭᠤᠨ ᠤ ᠬᠤᠩ ᠴᠢ ᠪᠠᠯᠭᠠᠰᠤ ᠶᠢᠨ ᠬᠠᠪᠰᠤᠷᠤᠨ ᠲᠡᠳᠬᠦᠬᠦ ᠠᠵᠢᠯ ᠤᠨ ᠶᠠᠷᠢᠯᠴᠠᠬᠤ ᠬᠤᠷᠠᠯ︾  ᠲᠡᠭᠡᠷ᠎ᠡ ᠬᠤᠩ ᠴᠢ  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠢ ᠹᠧᠩ᠂  ᠪᠠᠯᠭᠠᠰᠤᠨ ᠳᠠᠷᠤᠭ᠎ᠠ ᠵᠠᠩ ᠱᠧᠦ ᠴᠢᠶᠠᠩ ᠠᠴᠠ ᠣᠶᠢᠷ᠎ᠠ ᠶᠢᠨ ᠬᠡᠳᠦᠨ ᠵᠢᠯ ᠤᠨ ᠬᠠᠪᠰᠤᠷᠤᠨ ᠲᠡᠳᠬᠦᠭᠰᠡᠨ ᠪᠠᠶᠢᠳᠠᠯ ᠢᠶᠠᠨ ᠨᠠᠷᠢᠨ ᠲᠠᠨᠢᠯᠴᠠᠭᠤᠯᠵᠤ᠂ ᠨᠠᠨᠺᠸᠤ ᠪᠠᠯᠭᠠᠰᠤ ᠠᠴᠠ ᠬᠤᠩ ᠴᠢ ᠪᠠᠯᠭᠠᠰᠤ ᠳᠤ ᠬᠠᠪᠰᠤᠷᠤᠨ ᠲᠡᠳᠬᠦᠬᠦ ᠪᠡᠯᠡ ᠮᠥᠩᠭᠦ 50 ᠲᠦᠮᠡᠨ ᠲᠥᠭᠦᠷᠢᠭ ᠬᠠᠨᠳᠢᠪᠯᠠᠭᠰᠠᠨ ᠪᠠᠶᠢᠨ᠎ᠠ᠃ ᠹᠠᠨ ᠬᠤᠸᠠ ᠮᠢᠨ ᠠᠴᠠ᠂ ᠠᠷᠠᠳ ᠤᠨ ᠠᠮᠢᠳᠤᠷᠠᠯ  ᠂ ᠴᠢᠳᠠᠪᠤᠷᠢᠲᠠᠨ ᠤ ᠰᠣᠯᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠲᠤᠪᠤᠶᠢᠯᠭᠠᠨ᠂ ᠪᠣᠳᠠᠲᠠᠢ ᠶᠢ ᠡᠷᠬᠢᠮᠯᠡᠭᠰᠡᠨ ᠬᠦᠨᠵᠡᠬᠡᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠨᠡᠪᠳᠡᠷᠡᠯᠴᠡᠵᠦ ᠵᠣᠯᠭᠠᠭᠤᠯᠬᠤ ᠲᠣᠭᠲᠠᠴᠠ ᠶᠢ  ᠲᠡᠬᠦᠯᠳᠡᠷᠵᠢᠬᠦᠯᠦᠨ᠂ ᠠᠵᠢᠯ ᠤᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠵᠤ᠂ ᠬᠤᠶᠠᠷ ᠲᠠᠯ᠎ᠠ ᠶᠢᠨ ᠬᠠᠮᠵᠢᠯᠴᠠᠨ ᠬᠥᠭᠵᠢᠬᠦ ᠵᠠᠭᠪᠤᠷ ᠢ ᠭᠦᠨᠵᠡᠭᠡᠢ ᠰᠤᠳᠤᠯᠤᠨ᠂  ᠲᠠᠶᠢᠹᠤᠰᠧ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠯᠢ ᠵᠧ ᠶᠤᠸᠠᠨ ᠢᠯᠡᠷᠭᠡᠶᠢᠯᠡᠬᠦ  ᠳᠡᠭᠡᠨ᠂ ᠴᠢᠭ᠋ ᠲᠣᠭᠲᠠᠭᠠᠨ ᠬᠠᠪᠰᠤᠷᠤᠨ ᠲᠡᠳᠬᠦᠬᠦ ᠠᠵᠢᠯ ᠪᠣᠯ ᠨᠢᠭᠡ ᠲᠦᠷᠦᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠂ ᠨᠠᠨᠺᠸᠤ ᠪᠠᠯᠭᠠᠰᠤᠨ ᠤ ᠬᠢᠨ ᠬᠤᠩ ᠴᠢ ᠪᠠᠯᠭᠠᠰᠤ ᠲᠠᠢ ᠬᠠᠷᠢᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂  ᠲᠤᠰ ᠪᠡᠶ᠎ᠡ ᠶᠢᠨ ᠳᠠᠪᠠᠭᠤᠯᠢᠭ ᠪᠣᠯᠣᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ  ᠪᠠᠳᠠᠷᠠᠭᠤᠯᠤᠨ᠂ ᠬᠠᠪᠰᠤᠷᠤᠨ ᠲᠡᠳᠬᠦᠬᠦ ᠠᠵᠢᠯ ᠤᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠵᠤ᠂ ᠬᠤᠶᠠᠷ ᠭᠠᠵᠠᠷ ᠤᠨ ᠬᠦᠭᠵᠢᠯ ᠮᠠᠨᠳᠤᠯ᠂  ᠠᠷᠠᠳ ᠤᠯᠠᠨ ᠤ ᠪᠤᠶᠠᠨ ᠵᠢᠷᠭᠠᠯ ᠤᠨ ᠲᠦᠯᠦᠭᠡ ᠬᠠᠮᠲᠤᠪᠠᠷ ᠴᠢᠷᠮᠠᠶᠢᠨ᠎ᠠ  ᠭᠡᠵᠡᠢ ᠃ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠨᠠᠨᠺᠸᠤ ᠪᠠᠯᠭᠠᠰᠤᠨ ᠤ ᠬᠢᠨ ᠬᠤᠩ ᠴᠢ ᠪᠠᠯᠭᠠᠰᠤᠨ ᠤ ᠬᠢᠨᠠᠨ ᠰᠢᠯᠭᠠᠬᠤ ᠡᠷᠦᠬᠡ ᠮᠠ ᠢᠦᠢ ᠯᠢᠨ ᠨᠠᠰᠤᠲᠠᠨ   ᠢ ᠲᠣᠬᠤᠨᠢᠭᠤᠯᠵᠤ᠂ ᠨᠠᠰᠤᠲᠠᠨ ᠤ ᠠᠮᠢᠳᠤᠷᠠᠯ ᠤᠨ ᠪᠠᠶᠢᠳᠠᠯ ᠪᠣᠯᠣᠨ ᠡᠷᠡᠭᠦᠯ ᠮᠡᠨᠳᠦ   ᠶᠢᠨ ᠪᠠᠶᠢᠳᠠᠯ ᠢ ᠤᠶᠢᠯᠠᠭᠠᠭᠰᠠᠨ ᠪᠠᠶᠢᠨ᠎ᠠ᠃  
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号