ᠴᠢᠶᠠᠨ ᠶᠢᠨ ᠭᠧᠦ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠭᠰᠡᠨ
ᠨᠡᠶᠢᠲᠡᠯᠡᠭᠰᠡᠨ ᠴᠠᠭ᠄
2023/8/27
   ᠬᠠᠷᠢᠶ᠎ᠠ ᠣᠷᠣᠨ ᠤ ᠪᠠᠨ ᠠᠵᠤ ᠠᠬᠤᠶᠢᠯᠠᠯ ᠤᠳ ᠤᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 8 ᠰᠠᠷ᠎ᠠ ᠶᠢᠨ 24 ᠤ ᠡᠳᠦᠷ ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠵᠠᠩ ᠵᠢᠶᠠᠨ ᠬᠤᠩ᠂ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠠᠯᠭᠠᠰᠤᠨ ᠳᠠᠷᠤᠭ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠦ ᠬᠦᠸᠧ ᠳ᠋ᠦᠩ ᠵᠡᠷᠭᠡ ᠬᠦᠮᠦᠰ  ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠬᠢᠨ ᠲᠠᠢ ᠬᠤᠯᠪᠤᠭᠠᠯᠠᠵᠤ᠂  ᠪᠦᠬᠦ ᠪᠠᠯᠭᠠᠰᠤᠨ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠡᠢ᠃ ᠪᠠᠶᠢᠴᠠᠭᠠᠬᠤ ᠳᠤᠭᠤᠶᠢᠯᠠᠩ ᠤᠨ ᠬᠢᠨ  ᠴᠢ ᠬᠤᠤ ᠲᠣᠰᠬᠤᠨ ᠤ ᠴᠠᠩ ᠵᠢᠶᠠᠩ ᠬᠤᠤ ᠬᠤᠸᠠ ᠠᠭᠤᠷᠬᠠᠢ ᠶᠢᠨ ᠦᠢᠯᠡᠰ᠂ ᠰᠢᠶᠠᠩ ᠮᠠ ᠭᠧᠦ ᠲᠣᠰᠬᠤᠨ ᠤ ᠬᠤᠩ ᠶᠧ ᠠᠭᠤᠷᠬᠠᠢ ᠶᠢᠨ ᠦᠢᠯᠡᠰ᠂ ᠵᠢᠶᠠᠨ ᠠᠨ ᠴᠧᠩ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠠᠯᠠᠪᠠᠢ᠂  ᠴᠢ ᠬᠤᠤ ᠲᠣᠰᠬᠤᠨ ᠤ ᠲᠣᠰᠣ ᠨᠡᠮᠡᠬᠦ ᠦᠷᠳᠡᠭᠡ᠂ ᠮᠠ ᠹᠠᠩ ᠽᠢ ᠲᠣᠰᠬᠤᠨ ᠤ ᠲᠣᠰᠣ ᠨᠡᠮᠡᠬᠦ ᠦᠷᠳᠡᠭᠡ ᠵᠡᠷᠭᠡ  ᠭᠤᠣᠯᠳᠠᠯᠭ᠎ᠠ ᠲᠠᠢ ᠲᠠᠯᠠᠪᠤᠷ ᠲᠤ  ᠭᠦᠨᠵᠡᠭᠡᠶᠢᠷᠡᠨ᠂ ᠭᠠᠯ ᠤᠨᠲᠠᠷᠠᠭᠠᠬᠤ ᠪᠠᠭᠠᠵᠢ ᠲᠥᠬᠦᠭᠡᠷᠦᠮᠵᠢ ᠪᠠ ᠬᠠᠮᠢᠶ᠎ᠠ ᠪᠦᠬᠦᠢ ᠮᠠᠰᠢᠨ ᠲᠥᠬᠦᠭᠡᠷᠦᠮᠵᠢ ᠶᠢᠨ ᠬᠡᠷᠡᠭᠯᠡᠯᠲᠡ ᠶᠢᠨ ᠪᠠᠶᠢᠳᠠᠯ  ᠂ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ  ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠪᠡᠯᠡᠳᠬᠡᠯ ᠤᠨ ᠪᠠᠶᠢᠳᠠᠯ  ᠵᠡᠷᠭᠡ ᠳᠤ ᠴᠢᠭᠯᠡᠭᠦᠯᠦᠨ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠭᠡᠮ ᠰᠣᠭᠤᠭ ᠤᠨ ᠠᠰᠠᠭᠤᠳᠠᠯ ᠢ ᠨᠠᠷᠢᠨ ᠲᠤᠳᠤᠷᠬᠠᠢ ᠲᠡᠮᠳᠡᠭᠯᠡᠨ ᠲᠠᠩᠰᠠᠯᠠᠭᠰᠠᠨ ᠪᠦᠭᠡᠳ ᠲᠠᠷᠤᠶᠢᠬᠠᠨ ᠴᠡᠭᠴᠡᠯᠡᠬᠦ ᠱᠠᠭᠠᠷᠳᠠᠯᠭ᠎ᠠ ᠲᠠᠯᠪᠢᠵᠠᠢ᠃ ᠪᠠᠶᠢᠴᠠᠭᠠᠬᠤ ᠲᠤᠭᠤᠶᠢᠯᠠᠩ ᠠᠴᠠ᠂ ᠡᠯ᠎ᠡ ᠠᠵᠤ ᠠᠬᠤᠶᠢᠯᠠᠯ᠂ ᠡᠵᠡᠩᠨᠡᠯᠲᠡ ᠶᠢᠨ ᠭᠤᠣᠯ ᠴᠣᠭᠴᠠ ᠨᠢ ᠡᠷᠭᠡᠪᠰᠢ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂  ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠢ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠵᠠᠰᠠᠬᠤ ᠴᠢᠳᠠᠪᠤᠷᠢ ᠪᠠᠨ ᠤᠯᠠᠮ ᠴᠢᠩᠭᠠᠳᠬᠠᠵᠤ᠂  ᠠᠶᠤᠯ ᠲᠦᠭᠰᠢᠭᠦᠷᠢ ᠶᠢ ᠥᠪᠡᠷ ᠢᠶᠠᠨ ᠪᠠᠶᠢᠴᠠᠭᠠᠬᠤ  ᠠᠵᠢᠯᠯᠠᠭ᠎ᠠ ᠶᠢ ᠪᠠᠶᠢᠩᠭᠤ ᠦᠷᠨᠢᠬᠦᠯᠦᠨ᠂ ᠭᠡᠮ ᠰᠣᠭᠤᠭ ᠤᠨ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠴᠢᠶᠠᠨ ᠶᠢᠨ ᠭᠧᠦ ᠪᠠᠯᠭᠠᠰᠤᠨ ᠤ ᠬᠢᠨ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂  ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠨ᠂ ᠡᠯ᠎ᠡ ᠲᠦᠷᠦᠯ ᠤᠨ ᠭᠡᠮ ᠰᠣᠭᠤᠭ ᠤᠨ ᠪᠠᠶᠢᠴᠠᠭᠠᠯᠳᠠ ᠴᠡᠭᠴᠡᠯᠡᠯᠳᠡ ᠶᠢ ᠴᠢᠩᠭ᠎ᠠ ᠠᠳᠬᠤᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠨᠠᠷᠢᠯᠢᠭ ᠪᠣᠳᠠᠲᠠᠢ ᠦᠷᠨᠢᠬᠦᠯᠬᠦ ᠪᠠᠷ ᠪᠠᠶᠢᠨ᠎ᠠ᠃  
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号