8 ᠰᠠᠷ᠎ᠠ ᠶᠢᠨ 25 ᠤ ᠡᠳᠦᠷ ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠣᠶ ᠰᠢᠭᠤᠢ ᠨᠤᠲᠤᠭ | ᠪᠡᠯᠴᠢᠭᠡᠷ ᠤᠨ ᠲᠣᠪᠴᠢᠶ᠎ᠠ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠠ ᠬᠦᠨᠪᠤᠯᠠᠭ ᠰᠤᠮᠤᠨ | ᠤ ᠵᠠᠰᠠᠭ ᠤᠨ ᠤᠷᠳᠤᠨ ᠨᠢ ︽ᠲᠠᠯ᠎ᠠ ᠨᠤᠳᠤᠭ ᠤᠨ ᠬᠠᠮᠠᠭᠠᠯᠠᠯᠲᠠ ᠶᠢᠨ ᠬᠠᠮᠳᠤᠷᠠᠨ ᠠᠵᠢᠯᠯᠠᠬᠤ ᠨᠢᠭᠡᠳᠦᠯᠲᠡᠢ | ᠠᠵᠢᠯᠯᠠᠭ᠎ᠠ︾ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ | ᠤᠳᠤᠷᠢᠳᠬᠤ ᠲᠤᠭᠤᠶᠢᠯᠠᠩ ᠤᠨ ᠭᠡᠰᠢᠭᠦᠨ᠂ ᠳᠡᠳ᠋ ᠪᠠᠶᠢᠴᠠᠭᠠᠭᠴᠢ ᠳᠠᠷᠤᠭ᠎ᠠ ᠵᠠᠩ ᠶᠠᠨ ᠹᠧᠢ ᠬᠤᠷᠠᠯ ᠢ ᠡᠷᠭᠢᠯᠡᠪᠡ᠃ | ᠬᠤᠷᠠᠯ ᠲᠡᠭᠡᠷ᠎ᠡ᠂ ᠠᠷᠠᠳ ᠤᠨ ᠪᠠᠶᠢᠴᠠᠭᠠᠬᠤ ᠬᠤᠷᠢᠶ᠎ᠠ ᠨᠢ ᠬᠤᠰᠢᠭᠤ ᠤᠯᠠᠭᠠᠨᠮᠥ᠋ᠴᠢᠷ ᠲᠠᠢ ︽ ᠨᠡᠶᠢᠲᠡ ᠶᠢᠨ | ᠠᠰᠠᠷᠠᠮᠵᠢ ᠶᠢᠨ ᠵᠠᠷᠭᠤ ᠶᠢᠨ ᠤᠬᠠᠭᠤᠯᠭ᠎ᠠ ᠬᠢᠬᠦ ᠬᠠᠮᠵᠢᠯᠴᠠᠭᠠᠨ ᠤ ᠭᠡᠷ᠎ᠡ︾ ᠳᠤ ᠭᠠᠷ ᠤᠨ ᠥᠰᠥᠭ ᠵᠢᠷᠤᠭᠰᠠᠨ | ᠪᠠᠶᠢᠨ᠎ᠠ᠃ ᠰᠤᠮᠤᠨ ᠤ ᠨᠠᠮ ᠤᠨ ᠬᠤᠷᠢᠶᠠᠨ ᠤ ᠱᠦᠵᠢ ᠤᠷᠬᠢᠯ ᠠᠴᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ | ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠠᠵᠢᠯ ᠤᠨ ᠲᠤᠬᠠᠢ ᠬᠡᠳᠦᠨ ᠲᠠᠯ᠎ᠠ ᠶᠢᠨ ᠱᠠᠭᠠᠷᠳᠠᠯᠭ᠎ᠠ ᠳᠤᠷᠠᠳᠴᠠᠢ᠃ | ᠲᠤᠬᠠᠶᠢᠯᠠᠪᠠᠯ᠂ ᠨᠢᠬᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠠᠵᠢᠯ ᠤᠨ ᠴᠢᠬᠤᠯᠠ ᠶᠡᠭᠡ ᠠᠴᠢ | ᠬᠤᠯᠪᠣᠭᠳᠠᠯ ᠢ ᠭᠦᠢᠴᠡᠳ ᠲᠠᠨᠢᠵᠤ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ | ᠱᠤᠭᠤᠮ ᠤᠨ ᠰᠡᠳᠬᠢᠬᠦᠢ ᠶᠢ ᠪᠠᠲᠤ ᠪᠤᠢ ᠪᠤᠯᠭᠠᠨ᠂ ᠬᠠᠷᠢᠭᠤᠴᠠᠯᠭᠠᠲᠤ ᠰᠡᠳᠬᠢᠯᠭᠡ ᠤᠯᠠᠮ ᠪᠠᠨ ᠴᠢᠩᠭᠠᠳᠬᠠᠵᠤ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠬᠤᠶᠠᠷ ᠲᠤ ᠡᠭᠦᠷᠭᠡ | ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ | ᠴᠢᠩᠭᠠᠳᠬᠠᠨ᠂ ᠠᠵᠢᠯ ᠡᠬᠦᠷᠭᠡ ᠶᠢ ᠲᠣᠳᠣᠷᠬᠠᠶᠢᠯᠠᠵᠤ ᠨᠠᠷᠢᠯᠢᠭᠵᠢᠭᠤᠯᠬᠤ ᠬᠡᠷᠡᠭᠲᠡᠢ᠃ ᠭᠤᠷᠪᠠ ᠳᠤ ᠠᠵᠢᠯ ᠤᠨ | ᠭᠤᠣᠯᠳᠠᠯᠭ᠎ᠠ ᠶᠢ ᠣᠨᠣᠪᠴᠢᠲᠠᠶ ᠡᠵᠡᠮᠳᠡᠨ᠂ ᠨᠤᠲᠤᠭ ᠪᠡᠯᠴᠢᠭᠡᠷ ᠤᠨ ᠬᠠᠮᠢᠶᠠᠷᠤᠯᠳᠠ ᠶᠢᠨ ᠰᠦᠯᠵᠢᠶᠡᠨ ᠤ | ᠪᠠᠶᠢᠭᠤᠯᠤᠯᠳᠠ ᠶᠢ ᠠᠬᠢᠭᠤᠯᠵᠤ᠂ ᠬᠠᠷᠠᠵᠤ ᠬᠠᠮᠠᠭᠠᠯᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ | ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠠᠵᠢᠯ ᠤᠨ | ᠵᠢᠯᠤᠭᠤᠳᠤᠯᠭ᠎ᠠ᠂ ᠪᠠᠶᠢᠴᠠᠭᠠᠯᠳᠠ ᠪᠠ ᠰᠢᠯᠭᠠᠯᠳᠠ ᠶᠢᠨ ᠠᠵᠢᠯ ᠢ ᠴᠢᠩᠭᠠᠳᠬᠠᠬᠤ ᠬᠡᠷᠡᠭᠲᠡᠢ ᠬᠡᠵᠦ ᠴᠢᠬᠤᠯᠠᠴᠢᠯᠠᠪᠠ᠃ | ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠴᠠᠭᠠᠭᠴᠢ ᠳᠠᠷᠤᠭ᠎ᠠ ᠨᠠᠷᠠᠰᠤ | ᠢᠯᠡᠷᠬᠡᠶᠢᠯᠡᠬᠦ ᠳᠡᠭᠡᠨ᠂ ᠨᠣᠭᠤᠭᠠᠨ ᠥᠩᠭᠡ ᠪᠣᠯ ᠥᠪᠥᠷ ᠮᠣᠩᠭᠤᠯ ᠤᠨ ᠥᠨᠢᠳᠡ ᠶᠢᠨ ᠰᠠᠭᠤᠷᠢ ᠥᠩᠭᠡ ᠮᠥᠨ᠂ | ᠥᠨᠥᠳᠥᠷ ᠤᠨ ᠬᠤᠷᠠᠯ ᠢ ᠬᠤᠷᠠᠯᠳᠤᠭᠤᠯᠤᠭᠰᠠᠨ ᠤ ᠵᠣᠷᠢᠯᠭ᠎ᠠ ᠨᠢ ᠮᠥᠨ ᠴᠦ ᠡᠯ᠎ᠡ ᠰᠠᠯᠠᠭ᠎ᠠ ᠮᠦᠴᠢᠷ ᠲᠠᠢ | ᠬᠠᠮᠵᠢᠯᠴᠠᠨ᠂ ᠮᠠᠨ ᠤ ᠲᠠᠶᠢᠹᠤᠰᠧ ᠬᠤᠰᠢᠭᠤᠨ ᠤ ᠪᠠᠨ ᠨᠣᠭᠤᠭᠠᠨ ᠥᠩᠭᠡ ᠶᠢᠨ ᠨᠡᠷ᠎ᠡ ᠶᠢᠨ ᠬᠠᠭᠤᠳᠠᠰᠤ ᠶᠢ | ᠬᠠᠮᠲᠤ ᠪᠠᠷ ᠡᠬᠦᠳᠬᠦ ᠶᠢᠨ ᠲᠥᠯᠥᠭᠡ ᠶᠤᠮ᠃ ᠬᠤᠶᠢᠰᠢᠳᠠ ᠪᠢᠳᠡ ᠨᠢᠬᠡ ᠳᠤ ᠨᠤᠲᠤᠭ ᠪᠡᠯᠴᠢᠭᠡᠷ ᠤᠨ | ᠬᠠᠮᠠᠭᠠᠯᠠᠯᠲᠠ ᠶᠢᠨ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠬᠡᠷᠡᠭᠲᠡᠢ᠃ ᠬᠤᠶᠠᠷ ᠲᠤ ᠤᠢ | ᠰᠢᠭᠤᠢ ᠨᠤᠳᠤᠭ ᠪᠡᠯᠴᠢᠭᠡᠷ ᠤᠨ ᠰᠠᠯᠠᠭ᠎ᠠ ᠮᠥᠴᠢᠷ ᠯᠦᠭᠡ ᠬᠠᠷᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠬᠤ | ᠬᠡᠷᠡᠭᠲᠡᠢ᠃ ᠭᠤᠷᠪᠠ ᠳᠤ ᠤᠯᠠᠭᠠᠨᠮᠥ᠋ᠴᠢᠷ ᠯᠤᠭ᠎ᠠ ᠲᠤᠭᠳᠠᠭᠰᠠᠨ ᠬᠠᠮᠳᠤᠷᠠᠨ ᠤ ᠠᠵᠢᠯᠯᠠᠬᠤ ᠲᠣᠭᠲᠠᠴᠠ ᠪᠠᠨ | ᠡᠷᠭᠡᠪᠰᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ |