ᠬᠦᠳᠡᠭᠡ ᠲᠤᠰᠬᠤᠨ ᠳᠤ ᠪᠤᠯᠤᠭᠰᠠᠨ ᠬᠠᠶᠢᠷ᠎ᠠ ᠬᠠᠯᠠᠮᠵᠢ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2023/8/30
  8 ᠰᠠᠷ᠎ᠠ ᠶᠢᠨ 29  ᠤ ᠡᠳᠦᠷ᠂ ᠰᠢᠯᠢ ᠶᠢᠨ ᠭᠤᠣᠯ ᠠᠶᠢᠮᠠᠭ ᠤᠨ ᠲᠠᠶᠢᠹᠤᠰᠧ ᠬᠤᠰᠢᠭᠤᠨ ᠤ ᠨᠡᠭᠦᠳᠡᠯ ᠬᠤᠯᠪᠣᠭᠠᠨ ᠤ ᠺᠣᠮᠫᠠᠨᠢ ᠶᠢᠨ ᠨᠠᠮ ᠤᠨ ᠡᠭᠦᠷ ᠨᠢ ᠲᠠᠶᠢᠹᠤᠰᠧ ᠬᠤᠰᠢᠭᠤᠨ ᠤ  ︽ᠬᠤᠨ ᠭᠠᠯᠠᠭᠤ︾ ᠬᠠᠶᠢᠷ᠎ᠠ ᠬᠠᠯᠠᠮᠵᠢ ᠶᠢᠨ  ᠨᠡᠶᠢᠭᠡᠮᠯᠢᠭ ᠤᠨ ᠨᠠᠮ ᠤᠨ ᠡᠭᠦᠷ ᠲᠠᠢ ᠬᠠᠮᠲᠤᠷᠠᠨ᠂  ᠶᠦᠩ ᠹᠧᠩ ᠪᠠᠯᠭᠠᠰᠤᠨ ᠤ ᠴᠧᠦ ᠳ᠋ᠤᠤ ᠭᠧᠦ ᠲᠣᠰᠬᠤᠨ ᠳᠤ ᠬᠦᠴᠢᠷᠳᠡᠢ ᠡᠷᠦᠬᠡ ᠶᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠡᠢ᠃ ᠰᠠᠶᠢᠨ ᠳᠤᠷ᠎ᠠ ᠶᠢᠨ ᠦᠢᠯᠡᠴᠢᠯᠡᠭᠴᠢᠳ  ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠲᠠᠪᠤᠨ ᠪᠠᠲᠤᠯᠠᠭᠠᠲᠤ ᠡᠷᠦᠬᠡ᠂ ᠵᠡᠮᠳᠡᠭ ᠬᠦᠮᠦᠨ ᠲᠠᠢ ᠡᠷᠦᠬᠡ᠂ ᠶᠠᠳᠠᠭᠤ ᠠᠴᠠ ᠠᠩᠭᠢᠵᠢᠷᠠᠭᠤᠯᠬᠤ ᠡᠷᠦᠬᠡ᠂ ᠬᠢᠨᠠᠨ ᠰᠢᠯᠭᠠᠬᠤ ᠡᠷᠦᠬᠡ ᠵᠡᠷᠭᠡ  ᠪᠠᠷ ᠭᠦᠨᠵᠡᠭᠡᠶᠢᠷᠡᠵᠦ᠂ ᠬᠦᠴᠢᠷᠳᠡᠯᠲᠡᠢ ᠨᠠᠮ ᠤᠨ ᠭᠡᠰᠢᠭᠦᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠂ ᠪᠡᠶ᠎ᠡ ᠮᠠᠬᠠᠪᠤᠳ ᠤᠨ ᠪᠠᠶᠢᠳᠠᠯ ᠪᠣᠯᠣᠨ ᠣᠷᠣᠰᠢᠵᠤ ᠪᠠᠶᠢᠭ᠎ᠠ ᠬᠦᠴᠢᠷᠳᠡᠯᠲᠡᠢ ᠠᠰᠠᠭᠤᠳᠠᠯ ᠢ ᠨᠠᠷᠢᠨ ᠤᠶᠢᠯᠠᠭᠠᠭᠰᠠᠨ ᠪᠦᠭᠡᠳ  ᠭᠤᠯᠢᠷ᠂ ᠪᠤᠳᠠᠭ᠎ᠠ᠂ ᠲᠣᠰᠣ ᠵᠡᠷᠭᠡ ᠲᠣᠬᠤᠨᠢᠭᠤᠯᠬᠤ ᠪᠣᠳᠠᠰ ᠢ ᠬᠦᠷᠭᠡᠭᠰᠡᠨ ᠪᠠᠶᠢᠨ᠎ᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠠᠴᠠ ︽ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠨ᠂ ᠳᠤᠮᠳᠠᠳᠤ ᠶᠢᠨ ᠦᠨᠳᠦᠰᠦᠲᠡᠨ ᠤ ᠭᠠᠴᠢᠭ ᠵᠤᠪᠠᠯᠠᠩ ᠲᠠᠢ ᠶᠢ ᠠᠪᠤᠷᠠᠵᠤ ᠲᠡᠳᠬᠦᠬᠦ ᠤᠯᠠᠮᠵᠢᠯᠠᠯᠲᠤ ᠰᠠᠶᠢᠬᠠᠨ ᠰᠤᠷᠲᠠᠯ ᠢ ᠴᠢᠨᠠᠭᠰᠢᠳᠠ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠪᠠ ᠤᠯᠠᠨ ᠲᠦᠮᠡᠨ ᠳᠤ ᠦᠢᠯᠡᠴᠢᠯᠡᠬᠦ ᠶᠠᠪᠤᠴᠠ ᠳᠤ ᠥᠪᠡᠷ ᠤᠨ ᠬᠤᠪᠢ ᠨᠡᠮᠡᠷᠢ ᠪᠠᠨ ᠦᠵᠡᠬᠦᠯᠬᠦ ᠶᠢ   ᠰᠠᠨᠠᠯ᠎ᠠ︾ ᠭᠡᠵᠦ ᠢᠯᠡᠳᠬᠡᠵᠡᠭᠡᠪᠡ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号