ᠴᠢᠶᠠᠨ ᠶᠢᠨ ᠭᠧᠦ ᠪᠠᠯᠭᠠᠰᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2023/8/30
  ᠬᠤᠯᠤᠭᠠᠨ᠎ᠠ ᠶᠢᠨ ᠬᠢᠵᠢᠭ  ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠵᠢᠯ ᠢ ᠨᠠᠷᠢᠯᠢᠭ ᠮᠦᠷᠳᠡᠭᠡᠨ ᠪᠤᠳᠠᠳᠠᠢ ᠨᠠᠶᠢᠳᠠᠪᠤᠷᠢᠵᠢᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠢᠷᠢ ᠴᠢᠳᠠᠪᠤᠷᠢ ᠶᠢ ᠲᠡᠭᠡᠭᠰᠢᠯᠡᠬᠦᠯᠦᠨ᠂ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠦᠨᠡᠨᠬᠦ ᠪᠠᠳᠤᠯᠠᠬᠤ ᠶᠢᠨ ᠲᠤᠰᠠᠳᠠ᠂ 8 ᠰᠠᠷ᠎ᠠ ᠶᠢᠨ 29  ᠤ ᠡᠳᠦᠷ ᠴᠢᠶᠠᠨ ᠶᠢᠨ ᠭᠧᠦ ᠪᠠᠯᠭᠠᠰᠤᠨ ᠤ ᠬᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠳᠡᠳ᠋ ᠪᠠᠯᠭᠠᠰᠤᠨ ᠳᠠᠷᠤᠭ᠎ᠠ ᠪᠠᠢ ᠴᠧᠨ ᠰᠢ ᠬᠤᠷᠠᠯ ᠢ  ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ︵ᠠᠵᠢᠯᠯᠠᠬᠤ ᠠᠩᠭᠢ ᠶᠢᠨ ᠳᠠᠷᠤᠭ᠎ᠠ︶᠂  ᠲᠣᠰᠬᠤᠨ ᠤ ᠨᠠᠮ ᠤᠨ ᠡᠭᠦᠷ ᠤᠨ ᠱᠦᠵᠢ ᠨᠠᠷ ᠬᠤᠷᠠᠯ ᠳᠤ ᠣᠷᠣᠯᠴᠠᠪᠠ᠃ ᠬᠤᠷᠠᠯ ᠲᠡᠭᠡᠷ᠎ᠡ᠂ ︽ᠴᠢᠶᠠᠨ ᠶᠢᠨ ᠭᠧᠦ ᠪᠠᠯᠭᠠᠰᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠲᠦᠰᠦᠪ︾᠂ ︽ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ︾ ᠵᠡᠷᠭᠡ ᠬᠠᠮᠢᠶ᠎ᠠ ᠪᠦᠬᠦᠢ ᠪᠢᠴᠢᠭ  ᠮᠠᠲ᠋ᠧᠷᠢᠶᠠᠯ ᠢ ᠤᠯᠠᠮᠵᠢᠯᠠᠨ ᠰᠤᠷᠤᠯᠴᠠᠵᠤ᠂ ᠬᠢᠵᠢᠭ ᠤᠨ ᠪᠠᠶᠢᠳᠠᠯ ᠤᠨ ᠬᠠᠮᠤᠭ ᠤᠨ ᠰᠢᠨ᠎ᠡ ᠮᠡᠳᠡᠭᠡ ᠵᠠᠩᠭᠢ ᠶᠢ ᠮᠡᠳᠡᠭᠳᠡᠨ᠂  ᠳᠠᠷᠠᠭᠠᠴᠢ ᠶᠢᠨ ᠬᠤᠭᠤᠴᠠᠭᠠᠨ ᠤ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠤᠭᠰᠠᠨ ᠪᠥᠭᠡᠳ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠠᠵᠡᠮᠳᠡᠬᠦ ᠮᠡᠳᠡᠯᠭᠡ ᠶᠢᠨ ᠪᠣᠯᠪᠠᠰᠤᠷᠠᠯ ᠡᠷᠬᠢᠯᠡᠵᠡᠢ᠃ ᠬᠤᠷᠠᠯ ᠠᠴᠠ᠂ ᠡᠯ᠎ᠡ ᠲᠣᠰᠬᠤᠨ ᠤ ᠬᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠤᠷᠳᠤ ᠬᠤᠭᠤᠴᠠᠭᠠᠲᠤ ᠴᠢᠨᠠᠷ᠂ ᠪᠡᠷᠬᠡ ᠬᠠᠲᠠᠭᠤᠵᠢᠯᠲᠠᠢ ᠴᠢᠨᠠᠷ ᠪᠣᠯᠣᠨ ᠪᠠᠴᠢᠮ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠵᠢᠯ ᠡᠭᠦᠷᠭᠡ  ᠪᠠᠨ ᠨᠠᠷᠢᠨ ᠬᠢᠨᠠᠮᠠᠭᠠᠢ ᠬᠦᠢᠴᠡᠳᠭᠡᠨ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠩᠭᠠᠳᠬᠠᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠬᠤᠯᠤᠭᠠᠨ᠎ᠠ ᠶᠢᠨ ᠪᠠᠶᠢᠳᠠᠯ ᠢ ᠨᠢᠭᠲᠠ ᠠᠩᠬᠠᠷᠴᠤ᠂ ᠭᠤᠣᠯᠳᠠᠯᠭ᠎ᠠ ᠲᠠᠢ ᠭᠠᠵᠠᠷ ᠣᠷᠣᠨ ᠤ ᠬᠢᠨᠠᠯᠳᠠ ᠬᠡᠮᠵᠢᠯᠲᠡ ᠶᠢ ᠴᠢᠩᠭᠠᠳᠬᠠᠨ᠂ ᠬᠤᠯᠤᠭᠠᠨ᠎ᠠ ᠤᠰᠠᠳᠬᠠᠬᠤ ᠪᠠ ᠨᠣᠬᠠᠢ ᠶᠢᠨ ᠪᠥᠭᠡᠰᠦ ᠤᠰᠠᠳᠬᠠᠬᠤ ᠬᠦᠷᠢᠶ᠎ᠡ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ︽ ᠭᠤᠷᠪᠠ ᠶᠢ ᠴᠠᠭᠠᠵᠠᠯᠠᠬᠤ ᠭᠤᠷᠪᠠ ᠶᠢ ᠪᠠᠷᠢᠮᠳᠠᠯᠠᠬᠤ ᠭᠤᠷᠪᠠ ᠶᠢ ᠬᠠᠮᠠᠭᠠᠯᠠᠬᠤ︾ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠪᠠ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠶᠢ ᠣᠯᠠᠨ ᠠᠷᠭ᠎ᠠ ᠵᠠᠮ ᠢᠶᠠᠷ ᠦᠷᠨᠢᠬᠦᠯᠦᠨ᠂ ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠤᠬᠠᠮᠰᠠᠷ ᠢ ᠲᠡᠭᠡᠭᠰᠢᠯᠡᠬᠦᠯᠵᠦ᠂  ᠪᠦᠬᠦᠳᠡᠭᠡᠷ ᠰᠡᠷᠭᠡᠶᠢᠯᠡᠵᠦ ᠬᠠᠮᠳᠤᠪᠠᠷ ᠡᠵᠡᠮᠳᠡᠬᠦ ᠰᠠᠶᠢᠨ ᠰᠠᠶᠢᠬᠠᠨ ᠪᠠᠶᠢᠳᠠᠯ ᠢ ᠪᠣᠶ ᠪᠤᠯᠭᠠᠨ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂  ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠠᠮᠤᠷ ᠲᠣᠭᠲᠠᠭᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号