ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠠᠴᠠ ᠭᠠᠳᠠᠭᠤᠷ ︿ᠪᠥᠬᠦ | ᠣᠷᠣᠨ ᠳᠤ ᠨᠡᠶᠢᠳᠡᠮ ᠭᠦᠢᠴᠡᠳᠬᠡᠬᠦ﹀ ᠵᠦᠢᠯᠡᠰ ᠤᠨ ᠨᠠᠷᠢᠨ ᠬᠠᠭᠤᠳᠠᠰᠤ ︵156 ᠵᠦᠢᠯ︶︾ ︵ᠥᠪᠥᠷ ᠵᠠᠰᠠᠭ | ᠠᠯᠪᠠᠨ ᠲᠠᠷᠬᠠᠭᠠᠭᠰᠠᠨ ︹2023︺ 39 ᠳ᠋ᠦ᠋ᠭᠡᠷ ᠲᠣᠭᠠᠲᠤ᠂ ᠳᠣᠷᠣᠭᠰᠢ ︽ᠨᠡᠶᠢᠳᠡᠮ ᠭᠦᠢᠴᠡᠳᠬᠡᠬᠦ ᠨᠠᠷᠢᠨ | ᠬᠠᠭᠤᠳᠠᠰᠤ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠶᠢᠨ ᠬᠢᠨ ᠤ ︽ᠨᠡᠶᠢᠳᠡᠮ | ᠭᠦᠢᠴᠡᠳᠬᠡᠬᠦ ᠨᠠᠷᠢᠨ ᠬᠠᠭᠤᠳᠠᠰᠤ︾ ᠶᠢᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠮᠡᠳᠡᠬᠦ ᠪᠠ ᠵᠥᠪ | ᠣᠨᠣᠪᠴᠢᠲᠠᠶ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ | ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢᠨ ᠲᠤᠰᠠᠳᠠ᠂ 2023 ᠣᠨ ᠤ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠱᠠᠭᠠᠷᠳᠠᠯᠭ᠎ᠠ ᠶᠢ ᠦᠨᠳᠦᠰᠦᠯᠡᠵᠦ᠂ ︽ | ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠠᠵᠢᠯ ᠲᠠᠢ ᠤᠶᠠᠯᠳᠤᠭᠤᠯᠤᠨ᠂ ᠲᠦᠷ ᠴᠠᠭ ᠤᠨ ᠪᠡᠶ᠎ᠡ ᠶᠢᠨ ᠦᠨᠡᠮᠯᠡᠯ᠂ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ | ᠵᠡᠷᠭᠡ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠣᠭᠤᠷᠢᠨ ᠳᠤ᠂ ︽ | ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ︾ ᠶᠢ ᠲᠣᠭᠲᠠᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠵᠢᠯ ᠶᠠᠪᠤᠳᠠᠯ ᠭᠦᠢᠴᠡᠳᠬᠡᠬᠦ ᠬᠠᠷᠢᠶ᠎ᠠ ᠭᠠᠵᠠᠷ ᠤᠨ | ᠬᠢᠵᠠᠭᠠᠷᠯᠠᠯ ᠢ ᠡᠪᠳᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠴᠢᠨᠠᠷ ᠰᠠᠶᠢᠲᠠᠢ᠂ ᠥᠨᠳᠥᠷ ᠦᠷ᠎ᠡ | ᠪᠦᠲᠦᠮᠵᠢᠲᠡᠶ᠂ ᠳᠥᠭᠦᠮ ᠳᠥᠲᠡ ᠢᠯᠭᠠᠭ᠎ᠠ ᠵᠥᠷᠢᠶ᠎ᠡ ᠦᠭᠡᠢ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠬᠠᠩᠭᠠᠨ᠎ᠠ᠃ | ᠬᠤᠶᠠᠷ᠂ ᠭᠤᠣᠯ ᠠᠭᠤᠯᠭ᠎ᠠ | ︵ᠨᠢᠭᠡ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠢ ᠲᠥᠷᠥᠯ | ᠬᠤᠪᠢᠶᠠᠨ ᠬᠡᠷᠡᠭᠵᠢᠭᠦᠯᠬᠦ ᠶᠢ ᠠᠬᠢᠭᠤᠯᠤᠨ᠎ᠠ᠃ ᠡᠷᠦᠬᠡ ᠠᠮᠠ ᠶᠢᠨ ᠬᠠᠷᠢᠶᠠᠯᠠᠯ ᠤᠨ ᠭᠡᠷᠡᠴᠢ ᠭᠠᠷᠭᠠᠬᠤ᠂ ᠡᠷᠦᠬᠡ | ᠠᠮᠠ ᠰᠢᠯᠵᠢᠭᠦᠯᠬᠦ᠂ ᠲᠦᠷ ᠴᠠᠭ ᠤᠨ ᠪᠡᠶ᠎ᠡ ᠶᠢᠨ ᠦᠨᠡᠮᠯᠡᠯ ᠭᠦᠢᠴᠡᠳᠬᠡᠬᠦ ᠵᠡᠷᠭᠡ ᠳᠤ ᠬᠤᠯᠪᠣᠭᠳᠠᠭᠰᠠᠨ 24 | ᠵᠦᠢᠯ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ | ᠨᠡᠶᠢᠳᠡᠮ ᠭᠦᠢᠴᠡᠳᠬᠡᠬᠦ︾ ᠵᠦᠢᠯᠡᠰ ᠢ ᠨᠠᠭᠦᠯᠭᠡᠵᠦ ᠣᠷᠣᠭᠤᠯᠬᠤ ᠭᠠᠵᠠᠷ ᠤᠨ ᠲᠣᠮᠢᠯᠠᠭᠰᠠᠨ ᠰᠠᠯᠪᠤᠷᠢ ᠳᠤ | ᠭᠦᠢᠴᠡᠳᠬᠡᠨ᠎ᠡ᠃ ᠪᠤᠰᠤᠳ 132 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠣᠶᠢᠷ᠎ᠠ | ᠬᠠᠪᠢ ᠳᠤ ᠪᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠪᠥᠬᠦ ᠣᠷᠣᠨ ᠳᠤ ᠨᠡᠶᠢᠳᠡᠮ | ᠭᠦᠢᠴᠡᠳᠬᠡᠬᠦ︾ ᠴᠣᠩᠬᠤᠪᠴᠢ ᠶᠢ ᠰᠣᠩᠭᠤᠨ ᠭᠦᠢᠴᠡᠳᠬᠡᠵᠦ ᠪᠣᠯᠣᠨ᠎ᠠ᠃ ︵ᠬᠤᠶᠠᠷ︶ ᠰᠦᠯᠵᠢᠶᠡᠨ ᠠᠴᠠ | ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠴᠣᠩᠬᠤᠪᠴᠢ ᠶᠢᠨ ᠲᠤᠯᠭᠠᠭᠤᠷᠢᠯᠠᠯ ᠶᠢ ᠴᠢᠩᠭᠠᠳᠬᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ︽ᠪᠥᠬᠦ | ᠣᠷᠣᠨ ᠳᠤ ᠨᠡᠶᠢᠳᠡᠮ ᠭᠦᠢᠴᠡᠳᠬᠡᠬᠦ︾ ᠦᠢᠯᠡᠴᠢᠯᠡᠭᠡᠨ ᠤ ᠲᠤᠰᠬᠠᠢ ᠴᠣᠩᠬᠤᠪᠴᠢ ᠲᠣᠬᠢᠷᠠᠭᠤᠯᠵᠤ᠂ ︽ᠪᠥᠬᠦ | ᠣᠷᠣᠨ ᠳᠤ ᠨᠡᠶᠢᠳᠡᠮ ᠭᠦᠢᠴᠡᠳᠬᠡᠬᠦ︾ ᠴᠢᠳᠠᠮᠵᠢ ᠶᠢᠨ ᠬᠡᠰᠡᠭ ᠢᠶᠠᠷ ᠳᠠᠮᠵᠢᠭᠤᠯᠤᠨ᠂ ᠮᠠᠲ᠋ᠧᠷᠢᠶᠠᠯ ᠢ ᠣᠨᠳᠣᠣ | ᠭᠠᠵᠠᠷ ᠲᠤ ᠣᠷᠣᠯᠠᠨ ᠬᠤᠷᠢᠶᠠᠵᠤ᠂ ᠰᠦᠯᠵᠢᠶᠡᠨ ᠳᠡᠭᠡᠷ᠎ᠡ ᠬᠠᠨᠳᠤᠯᠭ᠎ᠠ ᠲᠠᠢ ᠪᠠᠷ ᠰᠢᠯᠵᠢᠭᠦᠯᠬᠦ ︽ᠨᠢᠭᠡ | ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠶᠢ ᠬᠡᠷᠡᠭᠵᠢᠭᠦᠯᠦᠨ᠎ᠡ᠃ ︵ᠭᠤᠷᠪᠠ︶ ᠰᠦᠯᠵᠢᠶᠡᠨ ᠠᠴᠠ | ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠢ ᠵᠣᠯᠭᠠᠭᠤᠯᠬᠤ ᠶᠢ ᠲᠦᠷᠭᠡᠳᠬᠡᠨ᠎ᠡ᠃ | ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠤᠨ ᠨᠡᠷᠡᠶᠢᠳᠦᠯ᠂ ᠭᠠᠷᠴᠠᠭ | ᠳ᠋ᠤᠭᠠᠷᠯᠠᠯ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠠᠭ ᠤᠨ ᠬᠢᠵᠠᠭᠠᠷ ᠵᠡᠷᠭᠡ ᠮᠡᠳᠡᠭᠡ ᠵᠠᠩᠭᠢ ᠶᠢᠨ | ᠡᠯᠧᠮᠧᠨ᠋ᠲ ᠢ ᠨᠠᠶᠢᠷᠠᠭᠤᠯᠤᠨ ᠵᠣᠬᠢᠶᠠᠬᠤ ᠪᠠ ᠰᠢᠨᠡᠳᠬᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ | ᠲᠤᠬᠠᠶᠢᠯᠠᠭᠰᠠᠨ ᠠᠵᠢᠯ ᠤᠨ ᠪᠥᠬᠦ ᠴᠤᠪᠤᠷᠠᠯ ᠤᠨ ︽ᠵᠥᠷᠢᠶ᠎ᠡ ᠦᠭᠡᠢ︾ ᠭᠦᠢᠴᠡᠳᠬᠡᠬᠦ ᠶᠢ ᠪᠠᠷᠢᠮᠵᠢᠶᠠᠵᠢᠭᠤᠯᠬᠤ ᠶᠢ | ᠪᠡᠶᠡᠯᠡᠭᠦᠯᠦᠨ᠎ᠡ᠃ ︵ᠳᠥᠷᠪᠡ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ | ᠰᠢᠯᠵᠢᠭᠦᠯᠦᠨ ᠭᠦᠢᠴᠡᠳᠬᠡᠬᠦ ᠴᠠᠭ ᠤᠨ ᠬᠢᠵᠠᠭᠠᠷ ᠢ ᠴᠢᠩᠳᠠᠯᠠᠨ᠎ᠠ᠃ ᠭᠥᠯᠢᠶᠡᠨ ᠠᠪᠬᠤ ᠭᠠᠵᠠᠷ᠂ ᠭᠦᠢᠴᠡᠳᠬᠡᠬᠦ | ᠭᠠᠵᠠᠷ ᠤᠨ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠴᠣᠩᠬᠤᠪᠴᠢ ᠨᠢ ᠲᠣᠰ ᠲᠣᠰ 1 ᠠᠵᠢᠯᠯᠠᠬᠤ | ᠡᠳᠦᠷ ᠤᠨ ᠳᠣᠲᠣᠷ᠎ᠠ ᠭᠥᠯᠢᠶᠡᠨ ᠠᠪᠬᠤ ᠶᠢᠨ ᠬᠠᠮᠲᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠰᠢᠯᠵᠢᠭᠦᠯᠦᠨ | ᠭᠦᠢᠴᠡᠳᠬᠡᠯᠭᠡᠵᠦ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠴᠠᠭ ᠲᠤᠬᠠᠢ ᠳᠤ ᠨᠢ ᠭᠦᠢᠴᠡᠳᠬᠡᠵᠦ | ᠳᠠᠭᠤᠰᠬᠠᠬᠤ ᠶᠢᠨ ᠬᠠᠮᠲᠤ 1 ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ᠃ ᠴᠠᠭᠠᠰᠤᠨ ᠮᠠᠲ᠋ᠧᠷᠢᠶᠠᠯ ᠢ ᠦᠯᠡᠳᠡᠭᠡᠨ | ᠬᠠᠳᠠᠭᠠᠯᠠᠬᠤ ᠴᠢᠬᠤᠯᠠ ᠲᠠᠢ ᠶᠢ ᠨᠢ 2 ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ᠃ ︵ᠲᠠᠪᠤ︶ ᠰᠠᠯᠠᠭ᠎ᠠ | ᠮᠥᠴᠢᠷ ᠤᠳ ᠤᠨ ᠬᠤᠭᠤᠷᠣᠨᠳᠣᠬᠢ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠨᠡᠶᠢᠳᠡᠮ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠪᠠ ᠣᠨᠳᠣᠣ | ᠭᠠᠵᠠᠷ ᠤᠨ ᠰᠠᠯᠠᠭ᠎ᠠ ᠮᠥᠴᠢᠷ ᠢ ᠨᠡᠪᠲᠡᠷᠡᠯᠴᠡᠭᠦᠯᠦᠨ ᠵᠣᠯᠭᠠᠭᠤᠯᠬᠤ ᠶᠢ ᠴᠢᠩᠭᠠᠳᠬᠠᠨ᠂ ᠨᠢᠭᠲᠠ ᠮᠥᠷᠲᠡᠭᠡᠨ | ᠣᠨᠣᠴᠠᠲᠠᠢ ᠪᠠᠷ ᠵᠣᠯᠭᠠᠭᠤᠯᠬᠤ ᠶᠢ ᠪᠡᠶᠡᠯᠡᠭᠦᠯᠵᠦ᠂ ᠬᠡᠷᠡᠭ ᠶᠠᠪᠤᠳᠠᠯ ᠭᠦᠢᠴᠡᠳᠬᠡᠬᠦ ᠴᠤᠪᠤᠷᠠᠯ ᠤᠨ ᠪᠢᠲᠡᠭᠦᠦ | ᠴᠠᠭᠠᠷᠢᠭ ᠢ ᠪᠣᠶ ᠪᠣᠯᠭᠠᠨ᠎ᠠ᠃ ︵ᠵᠢᠷᠭᠤᠭ᠎ᠠ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ | ᠭᠦᠢᠴᠡᠳᠬᠡᠬᠦ︾ ᠶᠢᠨ ᠰᠢᠯᠭᠠᠨ ᠬᠢᠨᠠᠵᠤ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠰᠦᠯᠵᠢᠶᠡᠨ ᠠᠴᠠ | ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠶᠢ ᠬᠠᠷᠠᠯᠲᠠᠲᠤ ᠰᠢᠯᠭᠠᠨ ᠬᠢᠨᠠᠯᠲᠠ ᠪᠠ ᠲᠤᠰᠬᠠᠢ | ᠰᠢᠮᠳᠠᠭᠤᠯᠤᠨ ᠪᠠᠶᠢᠴᠠᠭᠠᠯᠲᠠ ᠶᠢᠨ ᠠᠭᠤᠯᠭ᠎ᠠ ᠳᠤ ᠣᠷᠣᠭᠤᠯᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠠᠵᠢᠯ ᠤᠨ ᠪᠣᠳᠠᠲᠤ ᠦᠷ᠎ᠡ ᠪᠦᠲᠦᠮᠵᠢ | ᠣᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ | ᠭᠤᠷᠪᠠ᠂ ᠣᠨᠴᠠᠯᠢᠭ ᠪᠠ ᠭᠢᠯᠠᠰ ᠴᠡᠭ ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ︾ ᠨᠢ ᠠᠵᠤ | ᠠᠬᠤᠶᠢᠯᠠᠯ ᠪᠣᠯᠣᠨ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ | ᠪᠣᠳᠠᠲᠠᠢ ᠠᠰᠢᠭ ᠲᠤᠰᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ | ᠳᠠᠪᠬᠤᠷᠭ᠎ᠠ ᠠᠴᠠ ᠪᠠᠷᠢᠮᠵᠢᠶ᠎ᠠ ᠶᠢ ᠵᠢᠷᠤᠮᠵᠢᠭᠤᠯᠤᠨ᠂ ᠲᠤᠯᠭᠠᠭᠤᠷᠢᠯᠠᠯ ᠢ ᠳᠡᠭᠡᠭᠰᠢᠯᠡᠭᠦᠯᠵᠦ᠂ ᠪᠥᠬᠦ ᠣᠷᠣᠨ ᠤ | ᠪᠠᠷᠢᠮᠵᠢᠶ᠎ᠠ ᠶᠢ ᠨᠢᠭᠡᠳᠦᠭᠦᠯᠬᠦ᠂ ᠣᠨᠳᠣᠣ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ | ᠬᠠᠨᠳᠤᠯᠭ᠎ᠠ ᠲᠠᠢ ᠪᠠᠷ ᠰᠢᠯᠵᠢᠭᠦᠯᠬᠦ᠂ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢ | ᠬᠡᠷᠡᠭᠯᠡᠨ ᠪᠢᠲᠡᠭᠦᠦ ᠴᠠᠭᠠᠷᠢᠭ ᠢᠶᠠᠷ ᠭᠦᠢᠴᠡᠳᠬᠡᠬᠦ ᠵᠠᠭᠪᠤᠷ ᠢ ᠪᠣᠶ ᠪᠣᠯᠭᠠᠭᠰᠠᠨ ᠨᠢ ᠣᠨᠳᠣᠣ ᠭᠠᠵᠠᠷ ᠲᠤ ᠠᠵᠢᠯ | ᠶᠠᠪᠤᠳᠠᠯ ᠭᠦᠢᠴᠡᠳᠬᠡᠬᠦ ᠳᠤ ︽ᠣᠯᠠᠨ ᠭᠠᠵᠠᠷ ᠲᠤ ᠣᠴᠢᠬᠤ︾ ︽ᠨᠠᠭᠠᠰᠢ ᠴᠠᠭᠠᠰᠢ ᠭᠦᠶᠦᠬᠦ︾ ᠠᠰᠠᠭᠤᠳᠠᠯ ᠢ | ᠰᠢᠢᠳᠪᠦᠷᠢᠯᠡᠨ᠂ ᠣᠯᠠᠨ ᠲᠦᠮᠡᠨ ᠤ ᠣᠨᠳᠣᠣ ᠭᠠᠵᠠᠷ ᠲᠤ ᠠᠵᠢᠯᠯᠠᠵᠤ ᠠᠮᠢᠳᠤᠷᠠᠬᠤ ᠳᠤ ᠲᠥᠬᠦᠮ | ᠦᠵᠡᠭᠦᠯᠦᠭᠰᠡᠨ ᠢᠶᠠᠷ ᠪᠠᠷᠠᠬᠤ ᠦᠭᠡᠢ ᠵᠠᠮ ᠬᠠᠷᠢᠯᠴᠠᠭᠠᠨ ᠤ ᠵᠠᠷᠤᠳᠠᠯ ᠪᠠ ᠴᠠᠭ ᠬᠤᠭᠤᠴᠠᠭᠠᠨ ᠤ ᠥᠪᠡᠷ ᠤᠨ | ᠥᠷᠲᠡᠭ ᠢ ᠠᠷᠪᠢᠯᠠᠪᠠ᠃ |