ᠪᠦᠬᠦ ᠪᠠᠯᠭᠠᠰᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠪᠤᠯᠬᠢ ᠪᠦᠳᠦᠬᠦᠯᠢᠭ | ᠶᠤᠰᠤ ᠵᠠᠩᠰᠢᠯ ᠤᠨ ᠦᠬᠡᠷᠡᠴᠢᠯᠡᠯᠳᠡ ᠶᠢ ᠠᠬᠢᠭᠤᠯᠬᠤ ᠶᠢᠨ ᠲᠥᠯᠥᠭᠡ᠂ ᠬᠤᠩ ᠴᠢ ᠪᠠᠯᠭᠠᠰᠤᠨ ᠤ ᠨᠠᠮ ᠤᠨ | ᠬᠤᠷᠢᠶ᠎ᠠ ᠨᠢ ᠲᠤᠰ ᠪᠡᠶ᠎ᠡ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ 8 ᠰᠠᠷ᠎ᠠ ᠶᠢᠨ 29 ᠤ ᠡᠳᠦᠷ ᠰᠢᠨ ᠵᠢᠶᠠᠨ | ᠲᠣᠰᠬᠤᠨ ᠳᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︽ᠲᠣᠰᠬᠤᠨ ᠤ ᠳᠦᠷᠢᠮ ᠢ ᠰᠠᠬᠢᠵᠤ᠂ | ᠪᠣᠯᠬᠢ ᠵᠠᠩᠰᠢᠯ ᠢ ᠦᠬᠡᠷᠡᠴᠢᠯᠡᠨ᠂ ᠦᠨᠡᠨᠴᠢ ᠢᠲᠡᠭᠡᠮᠵᠢᠲᠡᠢ ᠪᠠᠶᠢᠵᠤ᠂ ᠬᠠᠷᠢᠯᠴᠠᠨ ᠬᠠᠪᠰᠤᠷᠴᠤ ᠲᠡᠮᠵᠢᠬᠦ︾ ᠶᠤᠰᠤ | ᠵᠠᠩᠰᠢᠯ ᠤᠨ ᠦᠬᠡᠷᠡᠴᠢᠯᠡᠯᠳᠡ ᠶᠢᠨ ᠤᠬᠠᠭᠤᠯᠭ᠎ᠠ ᠬᠢᠵᠡᠢ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ | ᠾᠧ ᠭᠤᠸᠠᠨ ᠬᠤᠸᠠ᠂ ᠤᠬᠠᠭᠤᠯᠬᠤ ᠭᠡᠰᠢᠭᠦᠨ ᠼᠤᠤ ᠬᠠᠢ᠂ ᠨᠢᠭᠡᠳᠦᠮᠡᠯ ᠹᠷᠣᠨᠲ ᠤᠨ ᠭᠡᠰᠢᠭᠦᠨ ᠭᠤᠤ ᠬᠤᠢ | ᠵᠢᠶᠧ ᠵᠢᠴᠢ ᠬᠡᠰᠡᠭ ᠰᠠᠶᠢᠨ ᠳᠤᠷ᠎ᠠ ᠶᠢᠨ ᠦᠢᠯᠡᠴᠢᠯᠡᠭᠴᠢ ᠨᠠᠷ ᠠᠵᠢᠯᠯᠠᠭ᠎ᠠ ᠳᠤ ᠤᠷᠤᠯᠴᠠᠵᠤ᠂ ᠲᠣᠰᠬᠤᠨ ᠤ | ᠠᠷᠠᠳ ᠲᠤ ᠶᠤᠰᠤ ᠵᠠᠩᠰᠢᠯ ᠢ ᠥᠭᠡᠷᠡᠴᠢᠯᠡᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠤ ᠬᠠᠮᠲᠤ᠂ ᠬᠠᠮᠢᠶ᠎ᠠ | ᠪᠦᠬᠦᠢ ᠠᠭᠤᠯᠭ᠎ᠠ ᠳᠤ ᠲᠠᠶᠢᠯᠤᠮᠵᠢ ᠬᠢᠪᠡ᠃ ᠪᠤᠯᠬᠢ ᠪᠦᠳᠦᠬᠦᠯᠢᠭ ᠶᠤᠰᠤ ᠵᠠᠩᠰᠢᠯ ᠢ ᠥᠭᠡᠷᠡᠴᠢᠯᠡᠬᠦ ᠪᠣᠯ | ᠨᠡᠶᠢᠭᠡᠮ ᠤᠨ ᠪᠣᠯᠪᠠᠰᠤᠨ ᠤ ᠲᠠᠪᠰᠢᠯᠳᠠ ᠶᠢᠨ ᠪᠡᠯᠭᠡ ᠲᠡᠮᠳᠡᠭ ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ | ᠴᠢᠬᠤᠯᠠ ᠠᠭᠤᠯᠭ᠎ᠠ ᠪᠤᠯᠤᠨ᠎ᠠ᠃ ᠳᠠᠷᠠᠭᠠᠴᠢ ᠶᠢᠨ ᠠᠯᠬᠤᠮ ᠳᠤ᠂ ᠬᠤᠩ ᠴᠢ ᠪᠠᠯᠭᠠᠰᠤᠨ ᠤ ᠬᠢᠨ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠤᠯᠠᠮ ᠭᠦᠨᠵᠡᠭᠡᠢ ᠲᠤᠤᠱᠯᠠᠭᠤᠯᠤᠨ᠂ ᠪᠣᠯᠪᠠᠰᠤᠨ ᠰᠢᠨ᠎ᠡ ᠰᠤᠷᠲᠠᠯ ᠢ | ᠪᠠᠳᠠᠷᠠᠭᠤᠯᠵᠤ᠂ ᠲᠤᠰᠬᠠᠢ ᠴᠡᠭᠴᠡᠯᠡᠯᠳᠡ ᠶᠢᠨ ᠠᠵᠢᠯ ᠢ ᠶᠡᠬᠡᠪᠡᠷ ᠦᠷᠨᠢᠬᠦᠯᠦᠨ᠂ ᠠᠷᠠᠳ ᠢᠷᠭᠡᠳ ᠢ ᠬᠥᠲᠥᠯᠥᠨ | ᠵᠢᠯᠤᠭᠤᠳᠴᠤ ᠳᠤᠮᠳᠠᠳᠤ ᠶᠢᠨ ᠦᠨᠳᠦᠰᠦᠲᠡᠨ ᠤ ᠠᠵᠢᠯᠴᠢ ᠠᠷᠪᠢᠴᠢ ᠤᠯᠠᠮᠵᠢᠯᠠᠯᠲᠤ ᠰᠢᠯᠢᠳᠡᠭ ᠵᠠᠩ ᠰᠤᠷᠲᠠᠯ ᠢ | ᠪᠠᠳᠠᠷᠠᠭᠤᠯᠤᠨ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠠᠷᠢᠯᠭᠠᠵᠤ᠂ ᠰᠠᠶᠢᠨ ᠰᠠᠶᠢᠬᠠᠨ ᠦᠭᠡᠳᠡᠷᠭᠡᠭ | ᠲᠠᠪᠰᠢᠩᠭᠤᠢ ᠨᠡᠶᠢᠭᠡᠮ ᠤᠨ ᠤᠷᠴᠢᠨ ᠠᠬᠤᠢ ᠶᠢ ᠪᠠᠶᠢᠭᠤᠯᠬᠤ ᠪᠠᠷ ᠪᠠᠶᠢᠨ᠎ᠠ᠃ |