︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ︾  — ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠢ ᠪᠣᠳᠠᠲᠠᠢ ᠠᠳᠬᠤᠶ᠎ᠠ
ᠨᠡᠶᠢᠲᠡᠯᠡᠭᠰᠡᠨ ᠴᠠᠭ᠄
2023/9/11
   ᠦᠨᠳᠦᠰᠦᠲᠡᠨ ᠤ ᠠᠵᠢᠯ ᠨᠢ ᠶᠡᠭᠡ ᠲᠠᠯ᠎ᠠ ᠲᠠᠢ ᠬᠤᠯᠪᠣᠭᠳᠠᠵᠤ ᠪᠠᠶᠢᠳᠠᠭ᠃ ᠣᠶᠢᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ  ᠂  ᠮᠦᠨ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠲᠦᠷᠦᠯ ᠤᠨ ᠠᠵᠢᠯ ᠤᠨ ᠭᠤᠣᠯ ᠱᠤᠭᠤᠮ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠠᠵᠢᠯ ᠢ ᠪᠣᠳᠠᠲᠠᠢ ᠠᠳᠬᠤᠬᠤ ᠬᠡᠷᠡᠭᠲᠡᠢ ᠬᠡᠵᠦ  ᠵᠢᠭᠠᠵᠤ ᠭᠠᠷᠭᠠᠭᠰᠠᠨ ᠪᠠᠶᠢᠨ᠎ᠠ᠃ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠨᠠᠮ ᠤᠨ ᠦᠨᠳᠦᠰᠦᠲᠡᠨ ᠤ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠥᠨᠥᠳᠥᠷ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠬᠡᠰᠡᠭ ᠴᠢᠬᠤᠯᠠ ᠥᠭᠦᠯᠡᠯᠲᠡ ᠶᠢ ᠡᠮᠬᠢᠯᠡᠨ ᠳᠢᠭᠯᠡᠵᠦ᠂ ᠬᠠᠮᠲᠤ ᠪᠠᠷ ᠰᠤᠷᠤᠯᠴᠠᠨ  ᠤᠶᠢᠯᠠᠭᠠᠵᠠᠭᠠᠶ᠎ᠠ᠃       ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠨ᠎ᠠ᠃      ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠡ ᠭᠡᠷ ᠤᠨ ᠬᠥᠮᠥᠨ ᠰᠢᠭ ᠳᠣᠲᠣᠨᠣ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠵᠠᠪᠠᠯ ᠪᠡᠶᠡᠯᠡᠭᠦᠯᠬᠦ ᠦᠨᠳᠦᠰᠦᠨ ᠪᠠᠲᠤᠯᠠᠭ᠎ᠠ ᠮᠥᠨ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠱᠤᠭᠤᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠰᠠᠭᠤᠷᠢᠯᠠᠬᠤ ᠴᠢᠨᠠᠷᠲᠠᠢ ᠦᠢᠯᠡᠰ ᠪᠣᠯᠭᠠᠨ ᠴᠢᠩᠭ᠎ᠠ ᠠᠳᠬᠤᠵᠤ ᠰᠠᠶᠢᠲᠤᠷ ᠠᠳᠬᠤᠬᠤ ᠬᠡᠷᠡᠭᠲᠡᠢ᠃             — — 2019 ᠣᠨ ᠤ 9 ᠰᠠᠷ᠎ᠠ ᠶᠢᠨ 27 ᠤ ᠡᠳᠦᠷ᠂  ᠰᠢ ᠶᠢᠨ ᠫᠢᠩ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠲᠡᠭᠡᠷ᠎ᠡ ᠬᠡᠯᠡᠭᠰᠡᠨ ᠦᠭᠡ    ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠪᠤᠯᠭᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠳᠠᠷᠤᠢ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠬᠤ ᠶᠠᠪᠤᠳᠠᠯ ᠪᠣᠯᠣᠨ᠎ᠠ᠃            — — 2021 ᠣᠨ ᠤ 8 ᠰᠠᠷ᠎ᠠ ᠶᠢᠨ 27 ᠤ ᠡᠳᠦᠷ ᠠᠴᠠ 28 ᠤ ᠡᠳᠦᠷ᠂  ᠰᠢ ᠶᠢᠨ ᠫᠢᠩ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠲᠡᠭᠡᠷ᠎ᠡ ᠭᠡᠯᠡᠭᠰᠡᠨ ᠦᠭᠡ       ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ᠂  ᠮᠦᠨ ᠴᠤ ᠦᠨᠳᠦᠰᠦᠲᠡᠨ ᠤ ᠭᠠᠵᠠᠷ ᠣᠷᠣᠨ ᠤ ᠡᠯ᠎ᠡ  ᠲᠦᠷᠦᠯ ᠤᠨ ᠠᠵᠢᠯ ᠤᠨ ᠭᠤᠣᠯ ᠱᠤᠭᠤᠮ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠢ ᠪᠣᠳᠠᠲᠠᠢ ᠠᠳᠬᠤᠬᠤ ᠬᠡᠷᠡᠭᠲᠡᠢ᠃ ᠬᠠᠤᠯᠢ ᠴᠠᠭᠠᠵᠠ ᠲᠦᠷᠢᠮ ᠲᠣᠭᠲᠠᠭᠠᠯ ᠢ ᠲᠤᠭᠳᠠᠭᠠᠬᠤ ᠳᠤ ᠴᠤ ᠲᠡᠷᠡ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠳᠠᠭᠠᠬᠤ ᠳᠤ ᠴᠤ ᠲᠡᠷᠡ᠂ ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠬᠤ ᠳᠤ ᠠᠰᠢᠭᠲᠠᠢ ᠪᠠᠶᠢᠬᠤ ᠡᠰᠡᠬᠦ ᠶᠢ ᠲᠡᠷᠢᠭᠦᠨ ᠴᠢᠬᠤᠯᠠ ᠪᠣᠳᠣᠯᠬᠢᠯᠠᠯ ᠪᠣᠯᠭᠠᠬᠤ ᠬᠡᠷᠡᠭᠲᠡᠢ᠃      — — 2023 ᠣᠨ ᠤ 8 ᠰᠠᠷ᠎ᠠ ᠶᠢᠨ 26 ᠤ ᠡᠳᠦᠷ᠂  ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠬᠡᠯᠡᠭᠰᠡᠨ ᠦᠭᠡ     ᠵᠠᠯᠠᠭᠤᠴᠤᠳ ᠪᠠᠭᠠᠴᠤᠳ ᠤᠨ ᠡᠬᠡ ᠤᠷᠤᠨᠴᠢ ᠦᠵᠡᠯ ᠤᠨ ᠬᠥᠮᠦᠵᠢᠯ ᠢ ᠴᠢᠩᠭᠠᠳᠬᠠᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ ᠪᠠᠨ ᠬᠠᠶᠢᠷᠠᠯᠠᠬᠤ ᠦᠵᠡᠯ ᠰᠡᠳᠬᠢᠯᠭᠡ ᠶᠢ ᠬᠡᠦᠬᠡᠳ ᠪᠣᠯᠭᠠᠨ ᠤ ᠰᠡᠳᠬᠢᠯ ᠤᠨ ᠭᠦᠨ ᠳᠤ ᠦᠨᠳᠦᠰᠦᠯᠡᠬᠦᠯᠵᠦ ᠪᠤᠶᠢᠵᠢᠭᠤᠯᠤᠨ᠎ᠠ      ᠦᠨᠳᠦᠰᠦᠲᠡᠨ ᠤ ᠭᠠᠵᠠᠷ ᠣᠷᠣᠨ ᠤ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠢ ᠰᠠᠶᠢᠲᠤᠷ ᠬᠢᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ  ᠴᠢᠩᠭᠠᠳᠬᠠᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠢᠨᠵᠢᠯᠡᠬᠦ ᠤᠬᠠᠭᠠᠨ ᠰᠣᠶᠣᠯ ᠭᠡᠭᠡᠷᠡᠯ ᠤᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠯᠠᠭᠤᠴᠤᠳ ᠪᠠᠭᠠᠴᠤᠳ ᠤᠨ ᠡᠬᠡ ᠣᠷᠣᠨᠴᠢ ᠦᠵᠡᠯ ᠤᠨ ᠬᠥᠮᠦᠵᠢᠯ ᠢ ᠴᠢᠩᠭᠠᠳᠬᠠᠬᠤ ᠶᠠᠪᠤᠳᠠᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ ᠪᠠᠨ ᠬᠠᠶᠢᠷᠠᠯᠠᠬᠤ  ᠦᠵᠡᠯ ᠰᠡᠳᠬᠢᠯᠭᠡ ᠶᠢ ᠬᠡᠦᠬᠡᠳ ᠨᠢᠭᠡᠪᠦᠷᠢ ᠶᠢᠨ ᠰᠡᠳᠬᠢᠯ ᠤᠨ ᠭᠦᠨ ᠳᠤ ᠦᠨᠳᠦᠰᠦᠯᠡᠬᠦᠯᠵᠦ ᠪᠤᠶᠢᠵᠢᠭᠤᠯᠬᠤ ᠬᠡᠷᠡᠭᠲᠡᠢ᠃ ᠶᠠᠷᠢᠶ᠎ᠠ ᠬᠡᠯᠡᠯᠴᠡᠭᠡᠨ ᠤ ᠰᠠᠨᠠᠭᠠᠴᠢᠯᠠᠭᠠᠲᠤ ᠡᠷᠬᠡ ᠪᠠ ᠭᠤᠣᠯᠯᠠᠬᠤ ᠡᠷᠬᠡ ᠶᠢ ᠪᠠᠲᠤ ᠡᠵᠡᠮᠳᠡᠵᠦ᠂ ᠢᠨᠲ᠋ᠧᠷ ᠰᠦᠯᠵᠢᠶ᠎ᠡ ᠶᠢ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠬᠠᠮᠤᠭ ᠤᠨ ᠶᠡᠭᠡ ᠨᠡᠮᠡᠭᠳᠡᠯ ᠤᠨ ᠬᠡᠮᠵᠢᠶ᠎ᠡ ᠪᠣᠯᠭᠠᠬᠤ ᠬᠡᠷᠡᠭᠲᠡᠢ᠃        — — 2019 ᠣᠨ ᠤ 9 ᠰᠠᠷ᠎ᠠ ᠶᠢᠨ 27 ᠤ ᠡᠳᠦᠷ᠂ ᠰᠢ ᠶᠢᠨ ᠫᠢᠩ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠲᠡᠭᠡᠷ᠎ᠡ ᠭᠡᠯᠡᠭᠰᠡᠨ ᠦᠭᠡ     ᠤᠯᠤᠰ  ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠪᠦᠬᠦ ᠲᠠᠯ᠎ᠠ ᠪᠠᠷ ᠲᠡᠯᠬᠡᠷᠡᠬᠦᠯᠦᠨ ᠭᠡᠷᠡᠭᠯᠡᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠡᠵᠡᠮᠰᠢᠨ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠨᠡᠩ ᠲᠡᠭᠦᠯᠳᠡᠷᠵᠢᠭᠰᠡᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ ᠡᠭᠦᠳᠬᠦ ᠬᠡᠷᠡᠭᠲᠡᠢ᠃      — — 2023 ᠣᠨ ᠤ 6 ᠰᠠᠷ᠎ᠠ ᠶᠢᠨ 7 ᠤ ᠡᠳᠦᠷ ᠠᠴᠠ 8 ᠤ ᠡᠳᠦᠷ᠂ ᠰᠢ ᠶᠢᠨ ᠫᠢᠩ ᠥᠪᠥᠷ ᠮᠣᠩᠭᠤᠯ ᠳᠤ ᠠᠵᠢᠯ ᠪᠠᠶᠢᠴᠠᠭᠠᠬᠤ ᠳᠠᠭᠠᠨ ᠬᠡᠯᠡᠭᠰᠡᠨ ᠦᠭᠡ     ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠥᠮᠦᠵᠢᠯ ᠢ ᠡᠷᠡᠰ ᠭᠡᠷᠡᠭᠵᠢᠬᠦᠯᠵᠦ᠂ ᠤᠯᠠᠨ ᠲᠦᠮᠡᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠤᠬᠠᠮᠰᠠᠷ ᠪᠠ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯ ᠪᠠ ᠰᠣᠶᠣᠯ ᠤᠨ ᠥᠪ  ᠤᠨ ᠬᠠᠮᠠᠭᠠᠯᠠᠯᠳᠠ ᠠᠰᠢᠭᠯᠠᠯᠳᠠ ᠶᠢ ᠴᠢᠩᠭᠠᠳᠬᠠᠵᠤ᠂ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠲᠡᠦᠬᠡ ᠶᠢᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠬᠤ ᠬᠡᠷᠡᠭᠲᠡᠢ᠃     — — 2023 ᠣᠨ ᠤ 8 ᠰᠠᠷ᠎ᠠ ᠶᠢᠨ 26 ᠤ ᠡᠳᠦᠷ᠂ ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠬᠡᠯᠡᠭᠰᠡᠨ ᠦᠭᠡ    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ  ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠨ᠎ᠠ     ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠬᠡᠷᠡᠭᠲᠡᠢ᠃ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠭᠠᠵᠠᠷ ᠣᠷᠣᠨ ᠤ ᠪᠣᠳᠠᠲᠤ ᠪᠠᠶᠢᠳᠠᠯ ᠢ ᠭᠦᠢᠴᠡᠳ ᠪᠤᠳᠤᠯᠬᠢᠯᠠᠵᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠦᠯᠦᠪᠵᠢᠬᠦᠯᠦᠨ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠬᠦᠯᠳᠡᠷᠵᠢᠬᠦᠯᠵᠦ᠂ ᠣᠷᠴᠢᠨ ᠠᠬᠤᠢ ᠠᠭᠤᠷ ᠠᠮᠢᠰᠬᠤᠯ ᠢ ᠪᠤᠢ ᠪᠤᠯᠭᠠᠨ᠂ ᠦᠨᠳᠦᠰᠦᠲᠡᠨ ᠨᠦᠭᠦᠳ ᠤᠨ ᠣᠷᠣᠨ ᠵᠠᠢ᠂ ᠰᠣᠶᠣᠯ᠂ ᠠᠵᠤ ᠠᠬᠤᠢ᠂ ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠪᠦᠬᠦ ᠲᠠᠯ᠎ᠠ ᠪᠠᠷ ᠠᠭᠤᠰᠤᠯᠴᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂  ᠠᠭᠤᠯᠬᠤᠨ ᠢ ᠭᠦᠨᠵᠡᠭᠡᠶᠢᠷᠡᠭᠦᠯᠬᠦ᠂ ᠬᠡᠯᠪᠡᠷᠢ ᠶᠢ ᠪᠠᠶᠠᠯᠢᠭᠵᠢᠭᠤᠯᠬᠤ᠂ ᠠᠷᠭ᠎ᠠ ᠶᠢ ᠰᠢᠨᠡᠴᠢᠯᠡᠬᠦ ᠲᠡᠭᠡᠷ᠎ᠡ ᠬᠦᠴᠦ ᠲᠠᠯᠪᠢᠬᠤ ᠬᠡᠷᠡᠭᠲᠡᠢ᠃           — — 2021 ᠣᠨ ᠤ 8 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠰᠢ ᠶᠢᠨ ᠫᠢᠩ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠳᠡᠭᠡᠷ᠎ᠡ ᠬᠡᠯᠡᠭᠰᠡᠨ ᠦᠭᠡ        ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠠᠬᠢᠭᠤᠯᠬᠤ ᠳᠤ ᠡᠯ᠎ᠡ ᠲᠦᠷᠦᠯ ᠤᠨ ᠠᠵᠢᠯ ᠢ ᠴᠥᠮ ᠪᠣᠳᠠᠲᠠᠢ ᠠᠳᠬᠤᠵᠤ ᠨᠢᠮᠪᠠᠢ ᠬᠢᠵᠦ᠂ ᠶᠠᠩᠵᠤ ᠲᠠᠢ᠂  ᠪᠦᠳᠦᠮᠵᠢ ᠲᠠᠢ ᠪᠠᠶᠢᠬᠤ ᠬᠡᠷᠡᠭᠲᠡᠢ᠃ ᠦᠨᠳᠦᠰᠦᠲᠡᠨ ᠨᠦᠭᠦᠳ ᠤᠨ ᠺᠠᠳ᠋ᠷᠴᠤᠳ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠤᠶᠢᠯᠠᠭᠠᠨ ᠲᠤᠤᠱᠯᠠᠭᠤᠯᠵᠤ᠂ ᠤᠬᠠᠮᠰᠠᠷ ᠠᠴᠠ ᠪᠠᠨ ᠨᠠᠮ ᠪᠠ ᠲᠦᠷᠦ  ᠶᠢᠨ ᠠᠵᠢᠯ ᠤᠨ ᠶᠡᠭᠡ ᠲᠠᠯ᠎ᠠ ᠠᠴᠠ᠂ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ ᠠᠰᠢᠭ ᠲᠤᠰᠠ ᠶᠢᠨ ᠦᠨᠳᠦᠷᠴᠡ ᠠᠴᠠ ᠠᠰᠠᠭᠤᠳᠠᠯ ᠢ ᠪᠤᠳᠤᠯᠬᠢᠯᠠᠵᠤ᠂  ᠰᠢᠢᠳᠪᠦᠷᠢ ᠶᠢ ᠭᠠᠷᠭᠠᠵᠤ᠂  ᠠᠵᠢᠯ ᠢ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠳᠤ ᠠᠰᠢᠭᠲᠠᠢ ᠠᠵᠢᠯ ᠢ ᠢᠯᠡᠭᠦᠬᠡᠨ ᠬᠢᠬᠦ ᠮᠦᠷᠳᠡᠭᠡᠨ ᠭᠦᠨᠵᠡᠭᠡᠢ ᠨᠠᠷᠢᠯᠢᠭ ᠪᠣᠳᠠᠲᠠᠢ ᠬᠢᠬᠦ ᠬᠡᠷᠡᠭᠲᠡᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠳᠤ ᠠᠰᠢᠭ ᠦᠭᠡᠢ ᠶᠠᠪᠤᠳᠠᠯ ᠢ ᠶᠠᠭᠠᠬᠢᠭᠰᠠᠨ ᠴᠤ ᠬᠢᠵᠦ ᠪᠣᠯᠬᠤ ᠦᠭᠡᠢ᠃       — — 2022 ᠣᠨ ᠤ 3 ᠰᠠᠷ᠎ᠠ ᠶᠢᠨ 5  ᠤ ᠡᠳᠦᠷ᠂ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠲᠡᠭᠡᠷ᠎ᠡ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠬᠡᠯᠡᠭᠰᠡᠨ ᠦᠬᠡ    ᠵᠠᠯᠠᠭᠤᠴᠤᠳ ᠪᠠᠭᠠᠴᠤᠳ ᠲᠤ ᠬᠠᠨᠳᠤᠭᠰᠠᠨ ᠤᠳᠤ ᠦᠶ᠎ᠡ ᠶᠢᠨ ᠪᠣᠯᠪᠠᠰᠤᠨ ᠤ ᠬᠥᠮᠦᠵᠢᠯ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠥᠮᠦᠵᠢᠯ ᠢ ᠴᠢᠩᠭᠠᠳᠬᠠᠵᠤ᠂  ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠤᠳᠤ ᠦᠶ᠎ᠡ ᠶᠢᠨ ᠪᠣᠯᠪᠠᠰᠤᠨ ᠤ ᠠᠮᠢᠳᠤᠷᠠᠯ ᠳᠤ ᠢᠳᠡᠪᠬᠢᠲᠡᠢ ᠪᠠᠷ ᠠᠭᠤᠰᠤᠯᠴᠠᠭᠤᠯᠬᠤ ᠬᠡᠷᠡᠭᠲᠡᠢ᠃ ᠬᠥᠮᠥᠨ ᠢᠶᠠᠷ  ᠭᠤᠤᠯ ᠪᠤᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠢᠳᠡᠪᠬᠢᠲᠡᠢ ᠠᠬᠢᠭᠤᠯᠵᠤ᠂ ᠬᠥᠮᠥᠨ ᠠᠮᠠ ᠪᠠ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠬᠠᠷᠢᠯᠴᠠᠨ ᠠᠭᠤᠰᠤᠯᠴᠠᠬᠤ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠲᠦᠷᠭᠡᠳᠬᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠬᠡᠷᠡᠭᠲᠡᠢ᠃    — — 2023 ᠣᠨ ᠤ 8 ᠰᠠᠷ᠎ᠠ ᠶᠢᠨ 26 ᠤ ᠡᠳᠦᠷ᠂ ᠰᠢ ᠶᠢᠨ ᠫᠢᠩ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠬᠡᠯᠡᠭᠰᠡᠨ ᠦᠭᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号