︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ︾  —                    ᠯᠦᠸᠧ ᠲᠦᠸᠧ ᠱᠠᠨ ᠪᠠᠯᠭᠠᠰᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠶᠢᠨ ᠠᠵᠢᠯ ᠢ ᠪᠠᠶᠢᠷᠢᠯᠠᠭ᠋᠊
ᠨᠡᠶᠢᠲᠡᠯᠡᠭᠰᠡᠨ ᠴᠠᠭ᠄
2023/9/11
    ᠡᠨᠡ ᠵᠢᠯ ᠤᠨ 9 ᠰᠠᠷ᠎ᠠ ᠪᠣᠯ ᠪᠥᠬᠦ ᠣᠷᠣᠨ ᠤ ᠲᠦᠴᠢᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠪᠣᠯᠣᠨ᠎ᠠ᠂  ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ  ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠯ᠎ᠡ ᠲᠦᠷᠦᠯ ᠤᠨ ᠠᠵᠢᠯ ᠢ ᠬᠦᠨ ᠭᠦᠨᠵᠡᠭᠡᠢ ᠯᠠᠪᠳᠠᠭᠤᠨ ᠪᠠᠲᠤᠲᠠᠢ ᠦᠷᠨᠢᠬᠦᠯᠬᠦ ᠶᠢᠨ ᠲᠥᠯᠥᠭᠡ᠂ 9 ᠰᠠᠷ᠎ᠠ ᠶᠢᠨ 7 ᠤ ᠡᠳᠦᠷ ᠯᠦᠸᠧ ᠲᠦᠸᠧ ᠱᠠᠨ ᠪᠠᠯᠭᠠᠰᠤᠨ ᠤ ᠬᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠶᠢᠨ ᠠᠵᠢᠯ ᠢ ᠪᠠᠶᠢᠷᠢᠯᠠᠭᠤᠯᠬᠤ ᠬᠤᠷᠠᠯ ᠬᠢᠵᠦ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠦ᠋ ᠲᠤᠤ ᠬᠤᠷᠠᠯ ᠢ  ᠡᠷᠬᠢᠯᠡᠨ᠂ ᠪᠠᠯᠭᠠᠰᠤᠨ ᠤ  ᠤᠳᠤᠷᠢᠳᠬᠤ ᠪᠠᠭ ᠤᠨ ᠭᠡᠰᠢᠬᠦᠳ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠤ ᠨᠠᠮ ᠤᠨ ᠡᠭᠦᠷ ᠤᠨ ᠱᠦᠵᠢ᠂ ᠳᠠᠩᠰᠠ ᠮᠡᠳᠡᠭᠦᠯᠦᠭᠴᠢ ᠨᠠᠷ ᠬᠤᠷᠠᠯ ᠳᠤ ᠤᠷᠤᠯᠴᠠᠵᠠᠢ᠃ ᠬᠤᠷᠠᠯ  ᠠᠴᠠ ︽2023 ᠣᠨ ᠤ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠠᠵᠢᠯᠯᠠᠭᠠᠨ ᠤ ᠰᠠᠷ᠎ᠠ ᠶᠢᠨ ᠠᠵᠢᠯ ᠤᠨ ᠲᠦᠰᠦᠪ︾ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠪᠥᠬᠦ ᠪᠠᠯᠭᠠᠰᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠤᠯᠪᠠ᠃ ᠬᠤᠷᠠᠯ ᠠᠴᠠ᠂ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠨᠢ ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠬᠦᠯᠦᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠨ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠶᠢᠨ ᠠᠵᠢᠯ ᠢ ᠰᠠᠶᠢᠲᠤᠷ ᠥᠷᠨᠢᠭᠦᠯᠬᠦ ᠶᠢ  ᠨᠢᠭᠡ ᠲᠦᠷᠦᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠪᠣᠳᠠᠲᠠᠢ ᠮᠦᠷᠳᠡᠭᠡᠨ ᠨᠠᠷᠢᠯᠢᠭ ᠠᠳᠬᠤᠬᠤ ᠶᠢᠨ ᠬᠠᠮᠲᠤ᠂ ᠣᠯᠠᠨ ᠲᠦᠮᠡᠨ ᠤ  ᠱᠠᠭᠠᠷᠳᠠᠯᠭ᠎ᠠ ᠬᠡᠷᠡᠭᠴᠡᠭᠡ ᠲᠠᠢ ᠤᠶᠠᠯᠳᠤᠭᠤᠯᠤᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠴᠠᠭ ᠲᠤᠬᠠᠢ ᠳᠤᠨᠢ ᠪᠠᠶᠢᠷᠢᠯᠠᠭᠤᠯᠤᠨ᠂ ᠦᠳᠲᠡᠷ ᠲᠦᠷᠭᠡᠨ ᠬᠥᠳᠡᠯᠦᠯᠴᠡᠵᠦ᠂ ᠪᠥᠬᠦ ᠪᠠᠯᠭᠠᠰᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠶᠢᠨ ᠠᠵᠢᠯ ᠤᠨ ᠤᠷᠤᠭᠰᠢᠲᠠᠢ ᠶᠠᠪᠤᠭᠳᠠᠵᠤ᠂  ᠮᠡᠳᠡᠭᠳᠡᠮ᠎ᠡ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号