︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ︾  — ᠳᠤᠮᠳᠠᠳᠤ  ᠶᠢᠨ ᠦᠨᠳᠦᠰᠦᠲᠡᠨ ᠤ ᠬᠠᠮᠲᠤ  ᠶᠢᠨ ᠴᠣᠭᠴᠠ  ᠶᠢᠨ ᠤᠬᠠᠮᠰᠠᠷ  ᠢ ᠪᠤᠶ ᠪᠣᠯᠭᠠᠬᠤ ᠡᠨᠡᠬᠦ ᠭᠤᠣᠯ ᠱᠤᠭᠤᠮ ᠢ ᠪᠠᠷᠢᠮᠳᠠᠯᠠᠶ᠎ᠠ
ᠨᠡᠶᠢᠲᠡᠯᠡᠭᠰᠡᠨ ᠴᠠᠭ᠄
2023/9/11
   ᠶᠡᠷᠦᠩᠬᠡᠢ ᠱᠦᠵᠢ ᠰᠢ ᠶᠢᠨ ᠫᠢᠩ ᠣᠶᠢᠷ᠎ᠠ ᠶᠢᠨ ᠡᠳᠦᠷ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ᠂  ᠮᠦᠨ ᠴᠤ ᠦᠨᠳᠦᠰᠦᠲᠡᠨ ᠤ ᠭᠠᠵᠠᠷ ᠣᠷᠣᠨ ᠤ ᠡᠯ᠎ᠡ  ᠲᠦᠷᠦᠯ ᠤᠨ ᠠᠵᠢᠯ ᠤᠨ ᠭᠤᠣᠯ ᠱᠤᠭᠤᠮ ᠪᠤᠯᠤᠨ᠎ᠠ᠃ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ  ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠶᠢ ᠴᠥᠮ  ᠡᠨᠡᠬᠦ ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂  ᠡᠨᠡᠬᠦ ᠱᠤᠭᠤᠮ ᠠᠴᠠ ᠥᠴᠥᠬᠡᠨ ᠴᠦ ᠵᠠᠶᠢᠳᠠᠬᠤ ᠦᠭᠡᠢ ᠪᠠᠶᠢᠯᠭᠠᠬᠤ ᠬᠡᠷᠡᠭᠲᠡᠢ᠃ ᠡᠨᠡᠬᠦ ᠴᠢᠬᠤᠯᠠ ᠵᠢᠭᠠᠪᠤᠷᠢ ᠨᠢ ᠮᠠᠨ ᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ᠂ ᠦᠨᠳᠦᠰᠦᠲᠡᠨ ᠤ ᠭᠠᠵᠠᠷ ᠣᠷᠣᠨ ᠤ ᠡᠯ᠎ᠡ ᠲᠦᠷᠦᠯ ᠤᠨ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠮᠦᠷᠳᠡᠯᠭᠡ ᠬᠠᠩᠭᠠᠵᠤ᠂  ᠴᠢᠭᠯᠡᠯ ᠢ ᠲᠣᠳᠣᠷᠬᠠᠢ ᠵᠢᠭᠠᠵᠤ ᠥᠭᠴᠡᠢ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠳᠤᠳᠬᠠᠬᠤ  ᠪᠣᠯ ᠶᠡᠷᠦᠩᠬᠡᠢ ᠱᠦᠵᠢ ᠰᠢ ᠶᠢᠨ ᠫᠢᠩ   ᠤᠨ ᠠᠯᠤᠰ ᠬᠡᠲᠦ ᠶᠢᠨ ᠲᠡᠦᠬᠡ ᠶᠢᠨ ᠬᠠᠷᠠᠴᠠ᠂ ᠥᠷᠭᠡᠨ ᠠᠭᠤᠳᠠᠮ ᠳᠡᠯᠡᠬᠡᠢ ᠶᠢᠨ ᠬᠠᠷᠠᠴᠠ ᠪᠠᠷ᠂ ᠡᠷᠲᠡᠨ ᠡᠳᠦᠭᠡ ᠶᠢᠨ ᠬᠤᠪᠢᠷᠠᠯᠲᠠ ᠶᠢ ᠬᠢᠨᠠᠵᠤ᠂ ᠴᠠᠭ ᠦᠶ᠎ᠡ ᠶᠢᠨ ᠪᠠᠶᠢᠳᠠᠯ ᠢ ᠠᠵᠢᠭᠯᠠᠨ᠂᠂ ᠪᠦᠲᠦᠭᠡᠯᠴᠢ ᠴᠢᠨᠠᠷᠲᠠᠢ ᠪᠠᠷ ᠳᠤᠷᠠᠳᠤᠨ ᠭᠠᠷᠭᠠᠭᠰᠠᠨ ᠴᠢᠬᠤᠯᠠ ᠶᠡᠭᠡ ᠡᠭᠦᠳᠦᠯᠲᠡ ᠶᠢᠨ ᠴᠢᠨᠠᠷᠲᠠᠢ ᠨᠤᠲᠠᠯᠠᠯᠲᠠ  ᠪᠠᠶᠢᠵᠤ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠤᠨ ᠵᠠᠯᠭᠠᠮᠵᠢᠯᠠᠯ ᠪᠠ ᠬᠥᠭᠵᠢᠭᠦᠯᠦᠯ᠂ ᠨᠠᠮ ᠤᠨ ᠦᠨᠳᠦᠰᠦᠲᠡᠨ ᠤ ᠠᠵᠢᠯ ᠤᠨ ᠲᠤᠷᠰᠢᠯᠭ᠎ᠠ ᠶᠢᠨ ᠬᠤᠷᠢᠶᠠᠩᠭᠤᠶᠢᠯᠠᠯ ᠪᠠ ᠳ᠋ᠦᠩᠨᠡᠯᠲᠡ ᠪᠤᠯᠤᠭᠰᠠᠨ ᠶᠤᠮ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠣᠷᠣᠨ ᠤ ᠨᠢᠭᠡᠳᠦᠯ ᠤᠨ ᠰᠠᠭᠤᠷᠢ᠂ ᠦᠨᠳᠦᠰᠦᠲᠡᠨ ᠤ ᠪᠦᠯᠬᠦᠮᠳᠡᠯ ᠤᠨ ᠦᠨᠳᠦᠰᠦ᠂ ᠤᠶᠤᠨ ᠰᠠᠨᠠᠭᠠᠨ ᠤ ᠬᠦᠴᠦᠨ ᠴᠢᠳᠠᠯ ᠤᠨ ᠰᠦᠭ ᠰᠦᠨᠡᠰᠦ ᠪᠤᠯᠤᠨ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠠᠪᠤᠳᠠᠯ ᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠪᠣᠯᠭᠠᠬᠤ ᠬᠡᠷᠡᠭᠲᠡᠢ ᠭᠡᠵᠦ ᠱᠠᠭᠠᠷᠳᠠᠭᠰᠠᠨ ᠤ ᠲᠠᠷᠠᠭ᠎ᠠ᠂ ᠡᠨᠡ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ  ᠳᠠᠭᠠᠨ ᠶᠡᠷᠦᠩᠬᠡᠢ ᠱᠦᠵᠢ ᠰᠢ ᠶᠢᠨ ᠫᠢᠩ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠮᠦᠨ ᠴᠤ ᠦᠨᠳᠦᠰᠦᠲᠡᠨ ᠤ ᠭᠠᠵᠠᠷ ᠣᠷᠣᠨ ᠤ ᠡᠯ᠎ᠡ  ᠲᠦᠷᠦᠯ ᠤᠨ ᠠᠵᠢᠯ ᠤᠨ ᠭᠤᠣᠯ ᠱᠤᠭᠤᠮ ᠪᠤᠯᠤᠨ᠎ᠠ ᠭᠡᠵᠦ ᠴᠢᠬᠤᠯᠠᠴᠢᠯᠠᠭᠰᠠᠨ ᠪᠠᠶᠢᠨ᠎ᠠ᠃ ᠡᠨᠡ ᠪᠣᠯ ᠪᠥᠬᠦ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ  ᠪᠠᠶᠢᠵᠤ᠂ ᠡᠨᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠠᠪᠤᠳᠠᠯ ᠢ ᠪᠥᠬᠦ ᠨᠠᠮ ᠪᠥᠬᠦ ᠤᠯᠤᠰ ᠤᠨ ᠨᠢᠭᠡᠨ ᠲᠣᠮᠣ ᠶᠠᠪᠤᠳᠠᠯ ᠪᠣᠯᠭᠠᠬᠤ ᠶᠢᠨ ᠴᠢᠬᠤᠯᠠ ᠴᠢᠨᠠᠷ ᠢ ᠤᠯᠠᠮ ᠨᠢᠭᠡ ᠠᠯᠬᠤᠮ ᠢᠯᠡᠷᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠠᠴᠠ ᠦᠨᠳᠦᠰᠦᠲᠡᠨ ᠤ ᠠᠵᠢᠯ ᠪᠠ ᠦᠨᠳᠦᠰᠦᠲᠡᠨ ᠤ ᠭᠠᠵᠠᠷ ᠣᠷᠣᠨ ᠤ ᠡᠯ᠎ᠡ  ᠲᠦᠷᠦᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ  ᠪᠠᠶᠢᠭ᠎ᠠ ᠶᠢ ᠭᠦᠢᠴᠡᠳ ᠬᠠᠷᠠᠭᠤᠯᠵᠠᠢ᠃    ᠣᠳᠣᠬᠠᠨ ᠳᠤ᠂ ᠳᠡᠯᠡᠬᠡᠢ ᠳ᠋ᠠᠬᠢᠨ᠎ᠠ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠷᠠᠯᠲᠠ ᠭᠠᠷᠴᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠴᠠᠭ ᠦᠶ᠎ᠡ ᠳᠤ ᠤᠷᠤᠵᠠᠢ᠃ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠦᠨᠳᠦᠰᠦᠲᠡᠨ ᠤ ᠠᠵᠢᠯ ᠳᠤ ᠵᠠᠷᠢᠮ ᠱᠠᠲᠤ ᠦᠶ᠎ᠡ ᠶᠢᠨ ᠴᠢᠨᠠᠷᠲᠠᠢ ᠰᠢᠨ᠎ᠡ ᠣᠨᠴᠠᠯᠢᠭ ᠢᠯᠡᠷᠡᠵᠦ᠂ ᠦᠨᠳᠦᠰᠦᠲᠡᠨ ᠤ ᠭᠠᠵᠠᠷ ᠣᠷᠣᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠠᠵᠢᠯ ᠡᠭᠦᠷᠭᠡ  ᠬᠦᠨᠳᠦ ᠬᠠᠲᠠᠭᠤ  ᠪᠠᠶᠢᠭ᠎ᠠ᠃ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠬᠡᠮᠡᠬᠦ ᠡᠨᠡ ᠬᠦ ᠭᠤᠣᠯ  ᠱᠤᠭᠤᠮ ᠢ ᠴᠢᠩᠭ᠎ᠠ ᠠᠳᠬᠤᠨ ᠪᠠᠳᠤᠳᠬᠠᠵᠤ᠂ ᠠᠵᠤ ᠠᠬᠤᠢ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ᠂ ᠨᠠᠮ ᠤᠨ ᠪᠠᠶᠢᠭᠤᠯᠤᠯᠲᠠ ᠵᠡᠷᠭᠡ ᠡᠯ᠎ᠡ ᠲᠠᠯ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠲᠦᠮᠵᠢᠲᠡᠶ ᠪᠠᠷ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ  ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ  ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ᠂ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠳᠤ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠠᠷᠢᠴᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠦᠨᠳᠦᠰᠦᠲᠡᠨ ᠨᠦᠭᠦᠳ ᠤᠨ ᠤᠬᠠᠮᠰᠠᠷ ᠤᠨ ᠬᠠᠷᠢᠴᠠᠭ᠎ᠠ᠂ ᠳᠤᠮᠳᠠᠳᠤ ᠶᠢᠨ ᠰᠣᠶᠣᠯ ᠪᠠ ᠦᠨᠳᠦᠰᠦᠲᠡᠨ ᠨᠦᠭᠦᠳ ᠤᠨ ᠰᠣᠶᠣᠯ ᠤᠨ ᠬᠠᠷᠢᠴᠠᠭ᠎ᠠ᠂  ᠡᠳ᠋ ᠪᠣᠳᠠᠰ ᠤᠨ ᠪᠠ ᠤᠶᠤᠨ ᠰᠠᠨᠠᠭᠠᠨ ᠤ ᠬᠠᠷᠢᠴᠠᠭ᠎ᠠ ᠶᠢ ᠵᠥᠪ ᠡᠵᠡᠮᠰᠢᠬᠦ ᠬᠡᠷᠡᠭᠲᠡᠢ᠃ ᠬᠠᠤᠯᠢ ᠲᠦᠷᠢᠮ ᠲᠣᠭᠲᠠᠭᠠᠭᠰᠠᠨ ᠴᠤ ᠲᠡᠷᠡ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠭᠰᠠᠨ ᠴᠤ ᠲᠡᠷᠡ᠂ ᠴᠥᠮ ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ ᠴᠢᠩᠭᠠᠳᠬᠠᠬᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠬᠤ ᠳᠤ ᠠᠩᠬᠠᠷᠤᠯ ᠲᠠᠯᠪᠢᠬᠤ ᠬᠡᠷᠡᠭᠲᠡᠢ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ  ᠲᠡᠯᠬᠡᠷᠡᠬᠦᠯᠦᠨ ᠭᠡᠷᠡᠭᠵᠢᠬᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠡᠵᠡᠮᠰᠢᠨ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠨᠡᠩ ᠲᠡᠭᠦᠯᠳᠡᠷᠵᠢᠭᠰᠡᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ ᠡᠭᠦᠳᠬᠦ ᠬᠡᠷᠡᠭᠲᠡᠢ᠃     ᠬᠠᠮᠲᠤ ᠪᠠᠷ ᠴᠢᠨᠡᠭᠡᠯᠢᠭᠵᠢᠬᠦ ᠪᠣᠯ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ᠃ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠴᠢᠬᠤᠯᠠ ᠠᠷᠭ᠎ᠠ ᠵᠠᠮ ᠪᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠬᠤ ᠳᠠᠭᠠᠨ᠂ ᠪᠥᠬᠦ ᠤᠯᠤᠰ ᠤᠨ ᠬᠡᠪᠴᠢᠶᠡᠨ ᠠᠴᠠ ᠠᠪᠴᠤ ᠦᠵᠡᠪᠡᠯ᠂ ᠪᠥᠬᠦ ᠠᠷᠠᠳ ᠲᠦᠮᠡᠨ ᠤ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ  ᠠᠬᠢᠭᠤᠯᠬᠤ ᠶᠢᠨ ᠬᠠᠮᠤᠭ ᠤᠨ ᠪᠡᠷᠬᠡ ᠬᠠᠲᠠᠭᠤᠵᠢᠯᠲᠠᠢ ᠡᠭᠦᠷᠭᠡ ᠨᠢ ᠵᠠᠷᠢᠮ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠳᠤ ᠪᠤᠢ᠃ ᠡᠳᠡᠭᠡᠷ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠨᠢ ᠬᠠᠮᠲᠤ ᠪᠠᠷ ᠴᠢᠨᠡᠭᠡᠯᠢᠭᠵᠢᠬᠦ ᠵᠠᠮᠨᠠᠯ ᠳᠤ ᠡᠩᠨᠡᠭᠡ ᠠᠴᠠ ᠪᠠᠨ ᠬᠤᠴᠣᠷᠴᠤ ᠪᠣᠯᠬᠤ ᠦᠭᠡᠢ᠃ ᠬᠠᠮᠲᠤ ᠪᠠᠷ ᠴᠢᠨᠡᠭᠡᠯᠢᠭᠵᠢᠬᠦ ᠳᠤ ︽ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ︾᠂ ︽ᠨᠢᠭᠡ ᠭᠡᠷ ᠢᠶᠠᠷ ᠢᠶᠠᠨ ᠴᠥᠮ ᠰᠠᠶᠢᠨ ᠰᠠᠶᠢᠬᠠᠨ ᠠᠮᠢᠳᠤᠷᠠᠯ ᠡᠳ᠋ᠯᠡᠬᠦ︾ ᠶᠢ ᠱᠠᠭᠠᠷᠳᠠᠨ᠎ᠠ᠂  ᠨᠢᠭᠡ ᠠᠬ᠎ᠠ ᠳᠡᠭᠦᠦ ᠦᠨᠳᠦᠰᠦᠲᠡᠨ ᠢ ᠴᠦ ᠡᠩᠨᠡᠭᠡ ᠠᠴᠠ ᠬᠤᠴᠣᠷᠤᠭᠤᠯᠬᠤ ᠦᠭᠡᠢ᠂ ᠨᠢᠭᠡ ᠦᠨᠳᠦᠰᠦᠲᠡᠨ ᠤ ᠭᠠᠵᠠᠷ ᠣᠷᠣᠨ ᠢ ᠴᠤ ᠡᠨᠡᠭᠡ ᠠᠴᠠ ᠬᠤᠴᠣᠷᠤᠭᠤᠯᠬᠤ ᠦᠭᠡᠢ ᠪᠠᠶᠢᠬᠤ ᠶᠢ ᠱᠠᠭᠠᠷᠳᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠡᠩ ᠴᠢᠬᠤᠯᠠᠴᠢᠯᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠦᠬᠦᠪᠦᠷᠢᠯᠡᠨ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠠᠵᠢᠯᠯᠠᠭ᠎ᠠ ᠦᠨᠡᠨᠬᠦ ᠶᠠᠪᠤᠭᠳᠠᠵᠤ ᠪᠠᠶᠢᠭ᠎ᠠ ᠭᠡᠳᠡᠭ ᠢ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠮᠡᠳᠡᠷᠡᠭᠦᠯᠬᠦ ᠬᠡᠷᠡᠭᠲᠡᠢ᠃     ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠬᠡᠮᠡᠬᠦ ᠡᠨᠡ ᠬᠦ ᠭᠤᠣᠯ  ᠱᠤᠭᠤᠮ ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂  ᠠᠯᠳᠠᠷ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠶᠢᠨ ᠲᠠᠰᠤᠷᠠᠯᠲᠠ ᠦᠭᠡᠢ ᠴᠢᠩᠭᠠᠷᠠᠬᠤ ᠶᠢ ᠠᠬᠢᠭᠤᠯᠤᠨ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ  ᠪᠡᠶᠡᠯᠡᠬᠦᠯᠦᠶ᠎ᠡ᠃
 
ᠢᠷᠡᠯᠲᠡ᠄ ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号