ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠪᠦᠬᠦ | ᠲᠠᠯ᠎ᠠ ᠪᠠᠷ ᠠᠬᠢᠭᠤᠯᠬᠤ ᠪᠣᠯ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠦᠷᠳᠡᠭ᠂ | ᠳᠤᠮᠳᠠᠳᠤ ᠤᠯᠤᠰ ᠤᠨ ᠬᠦᠴᠦᠨ ᠢ ᠪᠠᠶᠢᠭᠤᠯᠬᠤ ᠶᠢᠨ ᠴᠢᠬᠤᠯᠠ ᠲᠠᠯ᠎ᠠ ᠪᠤᠯᠤᠨ᠎ᠠ᠃ ᠰᠢᠨ᠎ᠡ ᠠᠶᠠᠨ ᠵᠠᠮ ᠳᠤ᠂ | ᠠᠭᠤᠤ ᠶᠡᠭᠡ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠠᠮᠲᠤ ᠶᠢᠨ | ᠰᠣᠶᠣᠯ ᠤᠨ ᠰᠠᠭᠤᠷᠢ ᠶᠢ ᠪᠠᠬᠢᠵᠢᠬᠦᠯᠦᠨ᠂ ᠬᠠᠮᠲᠤ ᠶᠢᠨ ᠦᠷᠳᠡᠭ ᠤᠨ ᠬᠠᠷᠠᠯᠲᠠ ᠶᠢ ᠪᠤᠢ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠪᠦᠬᠦ | ᠲᠠᠯ᠎ᠠ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ | ᠠᠤᠭ᠎ᠠ ᠬᠦᠴᠦᠨ ᠢ ᠨᠢᠭᠲᠠᠷᠠᠭᠤᠯᠬᠤ ᠬᠡᠷᠡᠭᠲᠡᠢ᠃ | ᠠᠭᠤᠤ ᠶᠡᠭᠡ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ᠳᠤᠮᠳᠠᠳᠤ ᠶᠢᠨ | ᠦᠨᠳᠦᠰᠦᠲᠡᠨ ᠪᠣᠯ ᠠᠭᠤᠤ ᠶᠡᠭᠡ ᠪᠦᠲᠦᠭᠡᠯᠴᠢ ᠵᠣᠷᠢᠭ ᠰᠠᠨᠠᠭ᠎ᠠ᠂ ᠠᠭᠤᠤ ᠶᠡᠭᠡ ᠲᠡᠮᠡᠴᠡᠯ ᠤᠨ ᠵᠣᠷᠢᠭ ᠰᠠᠨᠠᠭ᠎ᠠ᠂ | ᠠᠭᠤᠤ ᠶᠡᠭᠡ ᠪᠦᠯᠬᠦᠮᠳᠡᠯ ᠤᠨ ᠵᠣᠷᠢᠭ ᠰᠠᠨᠠᠭ᠎ᠠ ᠪᠠ ᠠᠭᠤᠤ ᠶᠡᠭᠡ ᠬᠦᠰᠡᠯ ᠡᠷᠡᠮᠡᠯᠵᠡᠯ ᠤᠨ ᠵᠣᠷᠢᠭ ᠰᠠᠨᠠᠭ᠎ᠠ ᠲᠠᠢ | ᠦᠨᠳᠦᠰᠦᠲᠡᠨ ᠮᠥᠨ᠃ ᠠᠳᠠᠯᠢ ᠪᠤᠰᠤ ᠲᠡᠦᠬᠡᠨ ᠴᠠᠭ ᠦᠶ᠎ᠡ ᠳᠤ᠂ ᠠᠳᠠᠯᠢ ᠪᠤᠰᠤ ᠨᠡᠶᠢᠭᠡᠮ ᠤᠨ ᠭᠤᠣᠯ | ᠵᠥᠷᠢᠴᠡᠯ ᠤᠨ ᠡᠮᠦᠨ᠎ᠡ᠂ ᠠᠳᠠᠯᠢ ᠪᠤᠰᠤ ᠨᠡᠶᠢᠭᠡᠮ ᠤᠨ ᠦᠢᠯᠡᠳᠪᠦᠷᠢᠯᠡᠯ ᠤᠨ ᠦᠢᠯᠡᠳᠦᠯᠭᠡ ᠪᠠ ᠠᠮᠢᠳᠤᠷᠠᠯ ᠤᠨ | ᠶᠠᠪᠤᠯᠴᠠᠭ᠎ᠠ ᠶᠢᠨ ᠳᠤᠮᠳᠠ᠂ ᠳᠤᠮᠳᠠᠳᠤ ᠶᠢᠨ ᠦᠨᠳᠦᠰᠦᠲᠡᠨ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ | ᠳᠠᠪᠲᠠᠨ ᠪᠣᠯᠪᠠᠰᠤᠷᠠᠭᠤᠯᠵᠤ ᠪᠦᠷᠢᠯᠳᠦᠭᠦᠯᠦᠭᠰᠡᠨ ᠶᠤᠮ᠃ ᠵᠢᠱᠢᠶᠡᠯᠡᠪᠡᠯ᠂ ᠳᠤᠮᠳᠠᠳᠤ ᠤᠯᠤᠰ ᠤᠨ ᠡᠪ ᠬᠠᠮᠲᠤ ᠨᠠᠮ | ᠠᠴᠠ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠬᠢᠭᠰᠡᠨ ᠤᠷᠳᠤ ᠬᠤᠭᠤᠴᠠᠭᠠᠨ ᠤ ᠲᠡᠮᠡᠴᠡᠯ ᠤᠨ | ᠳᠤᠮᠳᠠ᠂ ᠨᠠᠮ ᠪᠠᠶᠢᠭᠤᠯᠬᠤ ᠵᠣᠷᠢᠭ ᠰᠠᠨᠠᠭ᠎ᠠ᠂ ᠵᠢᠩ ᠭᠠᠩ ᠱᠠᠨ ᠤ ᠵᠣᠷᠢᠭ ᠰᠠᠨᠠᠭ᠎ᠠ᠂ ᠤᠷᠳᠤ ᠵᠠᠮ ᠤᠨ ᠠᠶᠠᠨ | ᠲᠠᠶᠢᠨ ᠤ ᠵᠣᠷᠢᠭ ᠰᠠᠨᠠᠭ᠎ᠠ᠂ ᠶᠠᠨ ᠠᠨ ᠤ ᠵᠣᠷᠢᠭ ᠰᠠᠨᠠᠭ᠎ᠠ᠂ ᠳ᠋ᠠᠴᠢᠩ ᠤᠨ ᠵᠣᠷᠢᠭ ᠰᠠᠨᠠᠭ᠎ᠠ᠂ ᠰᠠᠶᠢᠬᠠᠨᠳᠠᠪᠠᠭ᠎ᠠ ᠶᠢᠨ | ᠵᠣᠷᠢᠭ ᠰᠠᠨᠠᠭ᠎ᠠ᠂ ᠥᠭᠡᠷᠡᠴᠢᠯᠡᠯᠲᠡ ᠨᠡᠭᠡᠭᠡᠯᠲᠡ ᠶᠢᠨ ᠵᠣᠷᠢᠭ ᠰᠠᠨᠠᠭ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠵᠣᠷᠢᠭ ᠰᠠᠨᠠᠭ᠎ᠠ ᠵᠡᠷᠭᠡ ᠠᠭᠤᠤ ᠶᠡᠭᠡ ᠵᠣᠷᠢᠭ ᠰᠠᠨᠠᠭ᠎ᠠ ᠶᠢ ᠡᠭᠦᠳᠴᠡᠢ᠃ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠵᠣᠷᠢᠭ ᠰᠠᠨᠠᠭ᠎ᠠ ᠪᠣᠯ ᠳᠤᠮᠳᠠᠳᠤ ᠶᠢᠨ ᠦᠨᠳᠦᠰᠦᠲᠡᠨ ᠢ ᠪᠠᠲᠤ | ᠪᠦᠯᠬᠦᠮᠳᠡᠭᠦᠯᠬᠦ ᠤᠶᠤᠨ ᠰᠠᠨᠠᠭᠠᠨ ᠤ ᠬᠦᠴᠦᠨ᠂ ᠳᠤᠮᠳᠠᠳᠤ ᠶᠢᠨ ᠦᠨᠳᠦᠰᠦᠲᠡᠨ ᠤ ᠡᠬᠦᠷᠢᠳᠡ ᠪᠠᠲᠤᠵᠢᠬᠤ ᠶᠢᠨ | ᠬᠦᠴᠦᠷᠬᠡᠭ ᠶᠡᠭᠡ ᠤᠶᠤᠨ ᠰᠠᠨᠠᠭᠠᠨ ᠤ ᠲᠦᠰᠢᠭ ᠲᠤᠯᠭᠠᠭᠤᠷᠢ ᠮᠥᠨ᠃ ᠰᠢᠨ᠎ᠡ ᠠᠶᠠᠨ ᠵᠠᠮ ᠳᠤ᠂ ᠳᠤᠮᠳᠠᠳᠤ ᠶᠢᠨ | ᠦᠨᠳᠦᠰᠦᠲᠡᠨ ᠤ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠢ ᠤᠯᠠᠮ ᠴᠢᠨᠠᠭᠰᠢᠳᠠ ᠠᠭᠤᠳᠠᠯᠵᠤ᠂ | ᠲᠠᠶᠢᠯᠪᠤᠷᠢᠯᠠᠵᠤ᠂ ᠳᠡᠭᠡᠭᠰᠢᠯᠡᠭᠦᠯᠵᠦ᠂ ᠨᠠᠮ ᠠᠴᠠ ᠠᠷᠠᠳ ᠲᠦᠮᠡᠨ ᠢ ᠤᠳᠤᠷᠢᠳᠤᠨ ᠲᠡᠮᠡᠴᠡᠯ ᠬᠢᠬᠦ ᠶᠠᠪᠤᠴᠠ ᠳᠤ | ᠪᠦᠷᠢᠯᠳᠦᠭᠦᠯᠦᠭᠰᠡᠨ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠵᠡᠷᠭᠡ ᠵᠣᠷᠢᠭ ᠰᠠᠨᠠᠭᠠᠨ ᠤ ᠰᠢᠰᠲ᠋ᠧᠮ ᠢ | ᠵᠠᠯᠭᠠᠮᠵᠢᠯᠠᠨ ᠪᠠᠳᠠᠷᠠᠭᠤᠯᠬᠤ ᠬᠡᠷᠡᠭᠲᠡᠢ᠃ | ᠤᠬᠠᠭᠤᠯᠭ᠎ᠠ ᠶᠢᠨ ᠡᠷᠴᠢᠮ ᠢᠶᠠᠨ ᠤᠯᠠᠮ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠵᠣᠷᠢᠭ ᠰᠠᠨᠠᠭᠠᠨ ᠤ ᠴᠢᠬᠤᠯᠠ ᠲᠡᠦᠬᠡᠲᠦ ᠦᠢᠯᠡᠳᠦᠯ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ | ᠳᠤᠮᠳᠠᠳᠤ ᠶᠢᠨ ᠬᠥᠪᠡᠭᠦᠳ ᠥᠬᠢᠳ ᠤᠨ ᠤᠶᠤᠨ ᠰᠠᠨᠠᠭᠠᠨ ᠤ ᠬᠦᠴᠦᠨ ᠴᠢᠳᠠᠯ ᠢ ᠲᠠᠰᠤᠷᠠᠯᠲᠠ ᠦᠭᠡᠢ ᠬᠦᠭᠵᠢᠭᠡᠨ | ᠂ ᠡᠬᠡ ᠣᠷᠣᠨᠴᠢ ᠦᠵᠡᠯ ᠢᠶᠠᠷ ᠭᠤᠣᠯ ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ ᠪᠠ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠᠷ ᠭᠤᠣᠯ ᠪᠣᠯᠭᠠᠭᠰᠠᠨ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠥᠪᠡᠷ ᠤᠨ ᠠᠵᠢᠯ | ᠰᠤᠷᠤᠯᠴᠠᠯᠭ᠎ᠠ ᠪᠠ ᠡᠳᠦᠷ ᠲᠤᠳᠤᠮ ᠤᠨ ᠠᠮᠢᠳᠤᠷᠠᠯ ᠲᠠᠢ ᠨᠢ ᠨᠢᠭᠲᠠ ᠤᠶᠠᠯᠳᠤᠭᠤᠯᠤᠨ᠂ ᠬᠦᠴᠦᠷᠬᠡᠭ ᠤᠯᠤᠰ ᠤᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠴᠦᠷᠬᠡᠭ ᠶᠡᠭᠡ ᠵᠦᠪ ᠡᠨᠧᠷᠬᠢ ᠶᠢ | ᠨᠢᠬᠳᠠᠷᠠᠭᠤᠯᠬᠤ ᠭᠡᠷᠡᠭᠳᠡᠢ᠃ | ᠬᠠᠮᠲᠤ ᠶᠢᠨ ᠰᠣᠶᠣᠯ ᠤᠨ ᠰᠠᠭᠤᠷᠢ ᠶᠢ ᠪᠠᠬᠢᠵᠢᠬᠦᠯᠦᠨ᠎ᠡ᠃ ᠳᠤᠮᠳᠠᠳᠤ ᠶᠢᠨ ᠪᠣᠯᠪᠠᠰᠤᠨ ᠪᠣᠯ ᠤᠳᠤ ᠪᠣᠯᠲᠠᠯᠠᠬᠢ | ᠳᠡᠯᠡᠬᠡᠢ ᠳᠡᠭᠡᠷᠡᠬᠢ ᠴᠤᠷ ᠤᠨ ᠭᠠᠭᠴᠠ ᠲᠠᠰᠤᠯᠳᠠᠭ᠎ᠠ ᠦᠭᠡᠢ ᠬᠥᠮᠥᠨ ᠲᠥᠷᠥᠯᠬᠢᠲᠡᠨ ᠤ ᠪᠣᠯᠪᠠᠰᠤᠨ ᠤ ᠬᠡᠯᠪᠡᠷᠢ | ᠮᠥᠨ᠃ ᠳᠤᠮᠳᠠᠳᠤ ᠶᠢᠨ ᠪᠣᠯᠪᠠᠰᠤᠨ ᠤ ᠤᠷᠳᠤ ᠤᠳᠠᠭᠠᠨ ᠬᠥᠭᠵᠢᠯᠲᠡ ᠶᠢᠨ ᠶᠠᠪᠤᠴᠠ ᠳᠤ᠂ ᠳᠤᠮᠳᠠᠳᠤ ᠶᠢᠨ | ᠦᠨᠳᠦᠰᠦᠲᠡᠨ ᠡᠯᠪᠡᠭ ᠪᠠᠶᠠᠯᠢᠭ ᠰᠣᠶᠣᠯ ᠤᠨ ᠡᠬᠢ ᠪᠠᠶᠠᠯᠢᠭ ᠢ ᠬᠤᠷᠠᠮᠳᠤᠭᠤᠯᠵᠤ ᠡᠭᠦᠳᠦᠨ ᠪᠦᠲᠦᠭᠡᠭᠰᠡᠨ ᠶᠤᠮ᠃ | ᠳᠤᠮᠳᠠᠳᠤ ᠶᠢᠨ ᠰᠣᠶᠣᠯ ᠪᠣᠯ ᠦᠨᠳᠦᠰᠦᠲᠡᠨ ᠨᠦᠭᠦᠳ ᠤᠨ ᠰᠢᠯᠢᠳᠡᠭ ᠰᠣᠶᠣᠯ ᠤᠨ ᠬᠤᠷᠠᠮᠳᠤᠯ᠂ ᠳᠤᠮᠳᠠᠳᠤ ᠶᠢᠨ | ᠬᠥᠪᠡᠭᠦᠳ ᠥᠬᠢᠳ ᠤᠨ ᠬᠠᠮᠲᠤ ᠶᠢᠨ ᠬᠠᠶᠢᠷ᠎ᠠ ᠰᠡᠳᠬᠢᠯᠭᠡ ᠶᠢᠨ ᠲᠦᠰᠢᠭ ᠪᠠ ᠵᠣᠷᠢᠭ ᠰᠠᠨᠠᠭᠠᠨ ᠤ ᠬᠠᠷᠢᠶᠠᠯᠠᠯ | ᠪᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ | ᠶᠢ ᠪᠦᠬᠦ ᠲᠠᠯ᠎ᠠ ᠪᠠᠷ ᠠᠬᠢᠭᠤᠯᠬᠤ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠰᠣᠶᠣᠯ ᠤᠨ ᠰᠠᠭᠤᠷᠢ | ᠶᠢ ᠪᠠᠲᠤᠳᠬᠠᠵᠤ᠂ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠮᠵᠢ ᠶᠢ ᠨᠡᠮᠡᠭᠳᠡᠬᠦᠯᠬᠦ ᠭᠡᠷᠡᠭᠳᠡᠢ᠃ | ᠦᠵᠡᠯ ᠰᠠᠨᠠᠭ᠎ᠠ ᠰᠣᠶᠣᠯ ᠤᠨ ᠬᠥᠭᠵᠢᠯᠲᠡ ᠶᠢᠨ ᠵᠢᠮ᠎ᠡ ᠶᠣᠰᠣ ᠶᠢ ᠡᠵᠡᠮᠰᠢᠨ ᠵᠢᠷᠤᠮᠯᠠᠵᠤ᠂ ᠵᠥᠷᠢᠶ᠎ᠡ ᠶᠢ | ᠬᠦᠨᠳᠦᠳᠬᠡᠬᠦ ᠶᠢᠨ ᠳᠤᠮᠳᠠ ᠬᠠᠮᠲᠤ ᠶᠢᠨ ᠲᠠᠨᠢᠯᠲᠠ ᠪᠠᠨ ᠥᠷᠭᠡᠳᠬᠡᠵᠦ᠂ ᠤᠯᠠᠨ ᠶᠠᠩᠵᠤ ᠶᠢ ᠪᠠᠭᠲᠠᠭᠠᠬᠤ ᠶᠢᠨ | ᠳᠤᠮᠳᠠ ᠮᠡᠳᠡᠷᠡᠮᠵᠢ ᠪᠠᠨ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠥᠷᠭᠡᠨ ᠢᠶᠠᠷ ᠲᠠᠶᠢᠴᠢᠯᠠᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠳᠤ | ᠣᠷᠣᠯᠴᠠᠭᠤᠯᠵᠤ᠂ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠴᠢᠩᠭᠠᠳᠬᠠᠬᠤ ᠬᠡᠷᠡᠭᠲᠡᠢ᠃ | ᠵᠢᠱᠢᠶᠡᠯᠡᠪᠡᠯ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠨᠢ ᠰᠣᠶᠣᠯ ᠢᠶᠠᠷ ᠰᠢᠨᠵᠢᠶᠠᠩ ᠢ | ᠤᠮᠳᠠᠯᠠᠬᠤ ᠢᠨᠵᠧᠨᠧᠷᠢᠩ ᠢ ᠭᠦᠨᠵᠡᠭᠡᠢ ᠥᠷᠨᠢᠭᠦᠯᠬᠦ ᠶᠠᠪᠤᠴᠠ ᠳᠠᠭᠠᠨ᠂ ᠰᠢᠨᠵᠢᠶᠠᠩ ᠤᠨ ᠣᠯᠠᠨ ᠦᠨᠳᠦᠰᠦᠲᠡᠨ᠂ | ᠣᠯᠠᠨ ᠲᠠᠯᠠᠵᠢᠭᠰᠠᠨ ᠰᠣᠶᠣᠯ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠤᠶᠢᠭᠤᠷ᠂ ᠬᠠᠰᠠᠭ᠂ ᠬᠢᠷᠭᠢᠰ᠂ | ᠮᠣᠩᠭᠤᠯ᠂ ᠰᠢᠪᠡᠭᠡ ᠵᠡᠷᠭᠡ ᠡᠯ᠎ᠡ ᠦᠨᠳᠦᠰᠦᠲᠡᠨ ᠤ ᠰᠣᠶᠣᠯ ᠤᠨ ᠡᠬᠢ ᠪᠠᠶᠠᠯᠢᠭ ᠢᠶᠠᠷ ᠠᠴᠢᠶᠠᠯᠠᠪᠤᠷᠢ ᠪᠤᠯᠭᠠᠨ᠂ | ᠦᠨᠳᠦᠰᠦᠲᠡᠨ ᠨᠦᠭᠦᠳ ᠤᠨ ᠰᠣᠶᠣᠯ ᠤᠨ ᠲᠡᠮᠳᠡᠭ ᠢ ᠲᠤᠪᠤᠶᠢᠯᠭᠠᠵᠦ᠂ ᠳᠤᠮᠳᠠᠳᠤ ᠶᠢᠨ ᠪᠣᠯᠪᠠᠰᠤᠨ ᠨᠢ | ᠰᠢᠨᠵᠢᠶᠠᠩ ᠤᠨ ᠦᠨᠳᠦᠰᠦᠲᠡᠨ ᠨᠦᠭᠦᠳ ᠤᠨ ᠰᠣᠶᠣᠯ ᠯᠤᠭ᠎ᠠ ᠨᠢᠬᠳᠠ ᠬᠤᠯᠪᠤᠭᠳᠠᠨ᠎ᠠ ᠭᠡᠳᠡᠭ ᠢ ᠰᠢᠨᠵᠢᠶᠠᠩ ᠤᠨ | ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠭᠦᠨᠵᠡᠭᠡᠢ ᠲᠠᠨᠢᠭᠤᠯᠵᠠᠢ᠃ | ᠬᠠᠮᠲᠤ ᠶᠢᠨ ᠦᠷᠲᠡᠭ ᠤᠨ ᠬᠠᠷᠠᠯᠲᠠ ᠶᠢ ᠪᠤᠢ ᠪᠤᠯᠭᠠᠨ᠎ᠠ᠃ ᠨᠢᠭᠡ ᠦᠨᠳᠦᠰᠦᠲᠡᠨ ᠤ ᠦᠷᠭᠦᠯᠵᠢᠯᠡᠯ ᠪᠠ | ᠬᠥᠭᠵᠢᠯᠲᠡ ᠳᠤ ᠬᠠᠮᠲᠤ ᠶᠢᠨ ᠦᠷᠳᠡᠭ ᠤᠨ ᠬᠠᠷᠠᠯᠲᠠ ᠱᠠᠭᠠᠷᠳᠠᠭᠳᠠᠨ᠎ᠠ᠃ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠣᠶᠢᠷ᠎ᠠ ᠦᠶ᠎ᠡ ᠠᠴᠠ ᠨᠠᠰᠢᠬᠢ ᠳᠤᠮᠳᠠᠳᠤ ᠶᠢᠨ | ᠦᠨᠳᠦᠰᠦᠲᠡᠨ ᠤ ᠬᠠᠮᠤᠭ ᠤᠨ ᠠᠭᠤᠤ ᠶᠡᠭᠡ ᠬᠦᠰᠡᠯ ᠡᠷᠡᠮᠡᠯᠵᠡᠯ ᠪᠤᠯᠤᠨ᠎ᠠ᠃ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠡᠷᠡᠮᠡᠯᠵᠡᠯ ᠢ ᠪᠡᠶᠡᠯᠡᠭᠦᠯᠬᠦ ᠳᠤ ᠳᠠᠷᠤᠢ ᠤᠯᠤᠰ ᠣᠷᠣᠨ ᠤ ᠪᠠᠶᠠᠵᠢᠯ | ᠬᠦᠴᠦᠷᠬᠡᠭᠵᠢᠯ᠂ ᠦᠨᠳᠦᠰᠦᠲᠡᠨ ᠤ ᠬᠥᠭᠵᠢᠯ ᠮᠠᠨᠳᠤᠯ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠬᠦᠯᠦᠨ᠎ᠡ᠃ | ᠥᠨᠥᠳᠥᠷ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠠᠷᠠᠯᠲᠠ ᠳᠤ | ᠲᠡᠦᠬᠡ ᠶᠢᠨ ᠠᠯᠢ ᠴᠤ ᠦᠶ᠎ᠡ ᠠᠴᠠ ᠢᠯᠡᠭᠦᠦ ᠣᠶᠢᠷᠠᠳᠴᠤ᠂ ᠲᠡᠦᠬᠡ ᠶᠢᠨ ᠠᠯᠢ ᠴᠤ ᠦᠶ᠎ᠡ ᠠᠴᠠ ᠢᠯᠡᠭᠦᠦ ᠡᠨᠡ | ᠬᠦ ᠬᠠᠷᠠᠯᠲᠠ ᠶᠢ ᠪᠡᠶᠡᠯᠡᠭᠦᠯᠬᠦ ᠢᠲᠡᠭᠡᠯ ᠪᠠ ᠴᠢᠳᠠᠪᠤᠷᠢ ᠲᠠᠢ ᠪᠣᠯᠤᠭᠰᠠᠨ ᠪᠠᠶᠢᠨ᠎ᠠ᠃ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠨ ᠵᠠᠮ ᠳᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠬᠤ ᠳᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠥᠮᠥᠰ ᠤᠨ ᠰᠡᠳᠬᠢᠯ ᠤᠨ ᠨᠢᠬᠳᠠᠷᠠᠯ᠂ ᠤᠶᠤᠨ | ᠰᠠᠨᠠᠭᠠᠨ ᠤ ᠲᠦᠰᠢᠭᠯᠡᠯᠴᠢᠯᠡᠯ ᠢ ᠠᠬᠢᠭᠤᠯᠵᠤ᠂ ᠬᠥᠮᠥᠰ ᠤᠨ ᠨᠢᠭᠲᠠᠷᠠᠨ ᠪᠦᠯᠬᠦᠮᠳᠡᠵᠦ ᠡᠷᠡᠯᠬᠡᠭᠯᠡᠨ ᠤᠷᠤᠭᠰᠢᠯᠠᠬᠤ | ᠬᠦᠴᠦᠷᠬᠡᠭ ᠶᠡᠭᠡ ᠤᠶᠤᠨ ᠰᠠᠨᠠᠭᠠᠨ ᠤ ᠬᠤᠯᠪᠣᠭᠠᠰᠤ ᠶᠢ ᠪᠠᠶᠢᠭᠤᠯᠤᠨ᠂ ᠦᠨᠳᠦᠰᠦᠲᠡᠨ ᠨᠦᠭᠦᠳ ᠤᠨ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠶᠢᠨ ᠲᠥᠯᠥᠭᠡ ᠬᠠᠮᠲᠤ ᠪᠠᠷ ᠪᠦᠯᠬᠦᠮᠳᠡᠨ | ᠲᠡᠮᠡᠴᠡᠬᠦ ᠶᠢ ᠠᠬᠢᠭᠤᠯᠬᠤ ᠬᠡᠷᠡᠭᠲᠡᠢ᠃ | ᠬᠠᠮᠲᠤ ᠶᠢᠨ ᠬᠦᠰᠡᠯᠡᠩ ᠢᠲᠡᠭᠡᠯ ᠪᠢᠰᠢᠷᠡᠯ ᠢᠶᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ᠂ | ᠦᠨᠳᠦᠰᠦᠲᠡᠨ ᠨᠦᠭᠦᠳ ᠢ ᠬᠥᠲᠥᠯᠥᠨ ᠵᠢᠯᠤᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ | ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ ᠬᠤᠪᠢ ᠵᠠᠶᠠᠭ᠎ᠠ ᠪᠠᠨ ᠬᠠᠮᠲᠤᠳᠬᠠᠬᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠨ᠂ ᠤᠯᠤᠰ ᠣᠷᠣᠨ ᠤ ᠨᠢᠭᠡᠳᠦᠯ ᠪᠠ | ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠪᠠᠲᠤ ᠪᠠᠬᠢ ᠦᠵᠡᠯ ᠰᠠᠨᠠᠭᠠᠨ ᠤ ︽ᠤᠷᠳᠤ ᠴᠠᠭᠠᠨ ᠬᠡᠷᠡᠮ︾ ᠢ | ᠪᠠᠶᠢᠭᠤᠯᠬᠤ ᠬᠡᠷᠡᠭᠲᠡᠢ᠃ | ᠦᠨᠳᠦᠰᠦᠲᠡᠨ ᠨᠦᠭᠦᠳ ᠤᠨ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠶᠢ ᠠᠬᠢᠭᠤᠯᠬᠤ ᠶᠠᠪᠤᠴᠠ ᠳᠤ᠂ ᠬᠠᠮᠲᠤ ᠪᠠᠷ | ᠡᠳ᠋ᠯᠡᠬᠦ ᠦᠷᠳᠡᠭ ᠤᠨ ᠣᠶᠢᠯᠠᠭᠠᠭᠳᠠᠬᠤᠨ᠂ ᠶᠣᠰᠣ ᠰᠤᠷᠲᠠᠬᠤᠨ ᠤ ᠣᠶᠢᠯᠠᠭᠠᠭᠳᠠᠬᠤᠨ ᠢ ᠴᠢᠩᠭᠠᠳᠬᠠᠵᠤ᠂ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠵᠠᠮ | ᠳᠡᠭᠡᠷᠡᠬᠢ ᠡᠯ᠎ᠡ ᠵᠦᠢᠯ ᠤᠨ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠠᠷᠭᠠᠴᠠᠨ᠂ ᠳᠤᠮᠳᠠᠳᠤ ᠶᠢᠨ | ᠦᠨᠳᠦᠰᠦᠲᠡᠨ ᠤ ᠨᠡᠩ ᠢᠯᠡᠭᠦᠦ ᠮᠡᠳᠡᠷᠡᠮᠵᠢ ᠲᠠᠢ᠂ ᠨᠡᠩ ᠢᠯᠡᠭᠦᠦ ᠨᠢᠭᠲᠠᠷᠠᠯ ᠤᠨ ᠬᠦᠴᠦᠨ ᠲᠠᠢ ᠬᠤᠪᠢ ᠵᠠᠶᠠᠭᠠᠨ ᠤ | ᠬᠠᠮᠲᠤ ᠶᠢᠨ ᠴᠣᠭᠴᠠ ᠪᠣᠯᠬᠤ ᠶᠢ ᠠᠬᠢᠭᠤᠯᠬᠤ ᠬᠡᠷᠡᠭᠲᠡᠢ᠃ |