ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ | ᠰᠠᠨᠠᠭ᠎ᠠ ᠪᠠ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠲᠥᠯᠥᠭᠡ᠂ 9 ᠰᠠᠷ᠎ᠠ ᠶᠢᠨ 11 ᠤ ᠡᠳᠦᠷ ᠲᠠᠶᠢᠹᠤᠰᠧ | ᠬᠤᠰᠢᠭᠤ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ | ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠡᠨᠡ ᠤᠳᠠᠭᠠᠨ ᠤ ᠰᠦᠯᠵᠢᠶᠡᠨ ᠤ ᠠᠮᠤᠷ ᠲᠦᠪᠰᠢᠨ ᠤ | ᠤᠬᠠᠭᠤᠯᠭ᠎ᠠ ᠶᠢᠨ ᠭᠠᠷᠠᠭ ᠨᠢ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠦᠯᠦᠭᠡ᠂ ᠰᠦᠯᠵᠢᠶᠡᠨ ᠤ | ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠬᠦ︾ ᠪᠠᠷ ᠭᠤᠣᠯ ᠰᠡᠳᠦᠪ ᠪᠣᠯᠭᠠᠵᠤ᠂ ᠬᠤᠰᠢᠭᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ | ᠲᠣᠪᠴᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠨᠢᠭᠡᠴᠡ ᠡᠬᠢᠯᠡᠯᠲᠡ ᠶᠢᠨ ᠶᠣᠰᠣᠯᠠᠯ ᠳᠤ | ᠣᠷᠣᠯᠴᠠᠵᠠᠢ᠃ ᠠᠬᠤᠢ ᠲᠠᠯᠠᠪᠠᠢ ᠳᠤ᠂ ᠤᠬᠠᠭᠤᠯᠭ᠎ᠠ ᠶᠢᠨ ᠰᠠᠮᠪᠠᠷ᠎ᠠ ᠪᠤᠰᠬᠠᠬᠤ᠂ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ᠂ ᠠᠰᠠᠭᠤᠨ ᠯᠠᠪᠯᠠᠬᠤ ᠲᠠᠪᠴᠠᠩ ᠭᠠᠷᠭᠠᠬᠤ ᠵᠡᠷᠭᠡ ᠬᠡᠯᠪᠡᠷᠢ ᠪᠠᠷ ᠰᠠᠭᠤᠭᠠᠯᠢ ᠠᠷᠠᠳ ᠲᠤ | ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠬᠠᠤᠯᠢ ᠲᠦᠷᠢᠮ ᠵᠢᠴᠢ ᠵᠠᠯᠠᠭᠤᠴᠤᠳ ᠪᠠᠭᠠᠴᠤᠳ ᠤᠨ | ᠰᠦᠯᠵᠢᠶᠡᠨ ᠤ ᠠᠮᠤᠷ ᠲᠦᠪᠰᠢᠨ ᠤ ᠮᠡᠳᠡᠯᠭᠡ᠂ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠮᠡᠳᠡᠯᠭᠡ ᠵᠡᠷᠭᠡ ᠶᠢ | ᠤᠬᠠᠭᠤᠯᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠦᠯᠵᠢᠶᠡᠨ ᠤ ᠠᠮᠤᠷ ᠲᠦᠪᠰᠢᠨ ᠤ ᠪᠠᠲᠤ | ᠪᠠᠬᠢ ᠤᠬᠠᠮᠰᠠᠷ ᠢ ᠪᠣᠶ ᠪᠤᠯᠭᠠᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠤᠬᠠᠭᠤᠯᠭ᠎ᠠ ᠶᠢᠨ ᠭᠠᠷᠠᠭ ᠤᠨ | ᠬᠤᠭᠤᠴᠠᠭᠠᠨ ᠳᠤ ᠲᠤᠰ ᠬᠤᠰᠢᠭᠤ ᠨᠢ ᠪᠠᠰᠠ ᠰᠤᠷᠭᠠᠭᠤᠯᠢ ᠶᠢᠨ ᠬᠦᠷᠢᠶᠡᠨ ᠤ ᠡᠳᠦᠷ᠂ ᠴᠠᠬᠢᠯᠭᠠᠨ ᠬᠤᠯᠪᠣᠭᠠᠨ ᠤ | ᠡᠳᠦᠷ᠂ ᠬᠠᠤᠯᠢᠵᠢᠯ ᠤᠨ ᠡᠳᠦᠷ᠂ ᠮᠥᠩᠭᠦᠨ ᠭᠦᠢᠯᠭᠡᠭᠡᠨ ᠤ ᠡᠳᠦᠷ᠂ ᠵᠠᠯᠠᠭᠤᠴᠤᠳ ᠪᠠᠭᠠᠴᠤᠳ ᠤᠨ ᠡᠳᠦᠷ᠂ | ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢᠨ ᠡᠳᠦᠷ ᠵᠡᠷᠭᠡ ᠭᠤᠣᠯ ᠰᠡᠳᠦᠪᠲᠦ ᠡᠳᠦᠷ ᠤᠨ | ᠠᠵᠢᠯᠯᠠᠭ᠎ᠠ ᠶᠢ ᠲᠤᠬᠢᠷᠠᠭᠤᠯᠵᠤ᠂ ᠪᠥᠬᠦ ᠬᠤᠰᠢᠭᠤᠨ ᠤ ᠬᠡᠪᠴᠢᠶᠡᠨ ᠳᠤ ᠰᠦᠯᠵᠢᠶᠡᠨ ᠤ ᠠᠮᠤᠷ ᠲᠦᠪᠰᠢᠨ ᠤ | ᠤᠬᠠᠭᠤᠯᠭ᠎ᠠ ᠶᠢ ᠶᠡᠬᠡᠪᠡᠷ ᠦᠷᠨᠢᠬᠦᠯᠦᠨ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠ ᠣᠯᠠᠨ ᠲᠦᠮᠡᠨ ᠤ | ᠣᠶᠢᠯᠠᠭᠠᠬᠤ ᠬᠡᠮᠵᠢᠶ᠎ᠡ᠂ ᠣᠷᠣᠯᠴᠠᠬᠤ ᠬᠡᠮᠵᠢᠶ᠎ᠡ ᠶᠢ ᠲᠠᠰᠤᠷᠠᠯᠲᠠ ᠦᠭᠡᠢ ᠦᠷᠭᠡᠳᠭᠡᠵᠦ᠂ ᠣᠯᠠᠨ ᠲᠦᠮᠡᠨ ᠢ | ᠬᠠᠪᠰᠤᠷᠤᠨ ᠰᠦᠯᠵᠢᠶᠡᠨ ᠤ ᠠᠶᠤᠯ ᠲᠦᠭᠰᠢᠭᠦᠷᠢ ᠶᠢ ᠣᠶᠢᠯᠠᠭᠠᠭᠤᠯᠵᠤ᠂ ᠰᠡᠷᠭᠡᠶᠢᠯᠡᠨ ᠬᠠᠮᠠᠭᠠᠯᠠᠬᠤ ᠤᠬᠠᠮᠰᠠᠷ ᠪᠠ | ᠴᠢᠳᠠᠪᠤᠷᠢ ᠶᠢ ᠨᠢ ᠲᠡᠭᠡᠭᠰᠢᠯᠡᠬᠦᠯᠦᠨ᠂ ᠬᠡᠪ ᠰᠤᠷᠲᠠᠯ ᠠᠷᠢᠭᠤᠨ ᠴᠢᠬᠡᠴᠢ ᠰᠦᠯᠵᠢᠶᠡᠨ ᠤ ᠠᠮᠢ ᠠᠬᠤᠢ ᠶᠢᠨ | ᠪᠣᠯᠪᠠᠰᠤᠨ ᠪᠠ ᠪᠥᠬᠦ ᠠᠷᠠᠳ ᠢᠶᠠᠷ ᠢᠶᠠᠨ ᠣᠷᠣᠯᠴᠠᠭᠰᠠᠨ ᠰᠦᠯᠵᠢᠶᠡᠨ ᠤ ᠠᠮᠤᠷ ᠲᠦᠪᠰᠢᠨ ᠤ ᠰᠠᠶᠢᠨ ᠰᠠᠶᠢᠬᠠᠨ | ᠣᠷᠴᠢᠨ ᠲᠣᠭᠤᠷᠢᠨ ᠢ ᠬᠠᠮᠲᠤ ᠪᠠᠷ ᠪᠠᠶᠢᠭᠤᠯᠬᠤ ᠪᠠᠷ ᠪᠠᠶᠢᠨ᠎ᠠ᠃ |