ᠲᠠᠶᠢᠹᠤᠰᠧ ᠬᠤᠰᠢᠭᠤᠨ ᠤ ᠬᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠪᠠᠶᠢᠷᠢᠯᠠᠭᠤᠯᠤᠯᠲᠠ ᠬᠢᠭᠰᠡᠨ
ᠨᠡᠶᠢᠲᠡᠯᠡᠭᠰᠡᠨ ᠴᠠᠭ᠄
2023/9/12
  9 ᠰᠠᠷ᠎ᠠ ᠶᠢᠨ 11 ᠤ ᠡᠳᠦᠷ᠂ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠥᠷᠲᠡᠭᠡ ᠨᠢ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ  ᠤᠨ ᠪᠠᠶᠢᠷᠢᠯᠠᠭᠤᠯᠤᠯᠳᠠ ᠶᠢᠨ ᠬᠤᠷᠠᠯ ᠬᠢᠵᠦ᠂ ᠡᠯ᠎ᠡ ᠰᠤᠮᠤ ᠰᠢᠶᠠᠩ ᠪᠠᠯᠭᠠᠰᠤᠨ ᠤ ᠭᠠᠯ ᠰᠡᠷᠭᠡᠶᠢᠯᠡᠬᠦ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ ᠬᠤᠷᠠᠯ ᠠᠴᠠ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ 176 ᠭᠠᠴᠠᠭ᠎ᠠ ᠲᠣᠰᠬᠤᠨ ᠳᠤ ᠬᠤᠯᠪᠣᠭᠳᠠᠭᠰᠠᠨ ᠬᠦᠴᠦᠳᠡᠯ ᠥᠭᠡᠷᠡᠴᠢᠯᠡᠭᠴᠢ᠂ ᠴᠠᠬᠢᠯᠭᠠᠨ ᠤᠲᠠᠰᠤᠨ ᠤ ᠪᠠᠭᠠᠨ᠎ᠠ ᠶᠢᠨ ᠡᠷᠬᠢᠨ ᠲᠣᠭᠤᠷᠢᠨ ᠳᠠᠬᠢ ᠬᠠᠶᠠᠭᠳᠠᠮᠠᠯ ᠡᠪᠡᠰᠦ ᠮᠤᠳᠤ ᠵᠢᠴᠢ ᠴᠠᠬᠢᠯᠭᠠᠨ ᠤᠳᠠᠰᠤᠨ ᠤ ᠡᠯᠡᠭᠳᠡᠯ ᠬᠠᠭᠤᠴᠢᠷᠠᠯ ᠠᠴᠠ ᠪᠣᠯᠤᠭᠰᠠᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠢᠯᠠᠩᠭᠤᠶ᠎ᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢᠶᠠᠷ ᠭᠤᠣᠯᠳᠠᠯᠭ᠎ᠠ ᠲᠠᠢ ᠲᠥᠷᠥᠯ ᠵᠦᠢᠯ ᠤᠨ ᠤᠷᠤᠨ ᠢ ᠪᠦᠬᠦᠯᠢ ᠡᠳᠦᠷ ᠢᠶᠠᠷ ᠲᠣᠭᠤᠷᠢᠨ ᠪᠠᠶᠢᠴᠠᠭᠠᠬᠤ ᠶᠢᠨ ᠬᠠᠮᠲᠤ 24 ᠴᠠᠭ ᠤᠨ ᠵᠢᠵᠢᠬᠦᠷ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠡᠳ᠋ ᠪᠣᠳᠠᠰ ᠨᠥᠭᠡᠴᠡᠯᠡᠬᠦ ᠪᠠᠳᠤᠯᠠᠭᠠᠨ ᠤ ᠠᠵᠢᠯ ᠢ ᠭᠦᠢᠴᠡᠳ ᠰᠠᠶᠢᠨ ᠬᠢᠵᠦ᠂ ᠭᠠᠯ ᠤᠨᠲᠠᠷᠠᠭᠠᠬᠤ ᠪᠠᠭᠠᠵᠢ ᠭᠡᠷᠡᠭᠰᠡᠯ ᠢ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠵᠤ᠂ ᠵᠠᠩᠭᠢᠯᠠᠭ᠎ᠠ ᠶᠢᠨ ᠦᠶ᠎ᠡ ᠳᠤ  ᠬᠡᠷᠡᠭᠯᠡᠵᠦ ᠳᠡᠶᠢᠯᠬᠦ  ᠶᠢ ᠦᠨᠡᠨᠬᠦ ᠪᠠᠲᠤᠯᠠᠬᠤ ᠬᠡᠷᠡᠭᠲᠡᠢ᠃ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯ ᠢ ᠪᠦᠭᠦ ᠬᠦᠴᠦᠨ ᠢᠶᠠᠷ ᠰᠠᠶᠢᠨ ᠬᠢᠵᠦ᠂ ᠪᠦᠭᠦ ᠬᠤᠰᠢᠭᠤᠨ ᠤ ᠭᠤᠣᠯ ᠵᠠᠮ ᠱᠤᠭᠤᠮ ᠲᠡᠭᠡᠷ᠎ᠡ ᠭᠠᠯ ᠰᠡᠷᠭᠡᠶᠢᠯᠡᠬᠦ ᠤᠬᠠᠭᠤᠯᠭ᠎ᠠ ᠶᠢᠨ ᠲᠠᠯᠪᠠᠭ᠎ᠠ ᠪᠤᠰᠬᠠᠨ᠂  ᠸᠢᠴᠠᠲ ᠲᠠᠪᠴᠠᠩ ᠳᠤ ᠨᠡᠶᠢᠳᠡᠯᠡᠬᠦ᠂  ᠬᠦᠨᠳᠡᠯᠡᠨ ᠪᠢᠴᠢᠭᠡᠰᠦ ᠡᠯᠬᠦᠬᠦ  ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠭᠠᠯ ᠰᠡᠷᠭᠡᠶᠢᠯᠡᠬᠦ ᠶᠢᠨ ᠴᠢᠬᠤᠯᠠ ᠴᠢᠨᠠᠷ ᠢ ᠥᠷᠭᠡᠨ ᠢᠶᠠᠷ ᠤᠬᠠᠭᠤᠯᠵᠤ᠂   ᠤᠯᠠᠨ ᠲᠦᠮᠡᠨ ᠤ ᠭᠠᠯ ᠰᠡᠷᠭᠡᠶᠢᠯᠡᠬᠦ ᠤᠬᠠᠮᠰᠠᠷ ᠢ ᠪᠦᠭᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃  ᠰᠠᠨᠠᠭᠤᠯᠵᠤ ᠰᠡᠷᠡᠮᠵᠢᠯᠡᠬᠦᠯᠬᠦ ᠡᠷᠴᠢᠮ ᠢᠶᠠᠨ ᠴᠢᠩᠭᠠᠷᠠᠭᠤᠯᠵᠤ᠂ ᠨᠠᠮᠤᠷ ᠤᠨ ᠤᠯᠠᠷᠢᠯ ᠤᠨ ᠡᠪᠡᠰᠦ ᠬᠠᠳᠤᠵᠤ ᠬᠤᠷᠢᠶᠠᠬᠤ ᠦᠢᠯᠡᠳᠪᠦᠷᠢᠯᠡᠯ ᠤᠨ ᠣᠨᠴᠠᠯᠢᠭ ᠲᠠᠢ ᠤᠶᠠᠯᠳᠤᠭᠤᠯᠤᠨ᠂ ᠬᠦᠴᠦᠳᠡᠯ ᠥᠭᠡᠷᠡᠴᠢᠯᠡᠭᠴᠢ ᠪᠤᠶᠤ ᠴᠠᠬᠢᠯᠭᠠᠨ ᠤᠲᠠᠰᠤᠨ ᠤ ᠳᠣᠣᠷ᠎ᠠ ᠡᠪᠡᠰᠦ ᠪᠤᠷᠳᠤᠭ᠎ᠠ ᠣᠪᠣᠭᠠᠯᠠᠵᠤ ᠪᠣᠯᠬᠤ ᠦᠭᠡᠢ ᠭᠡᠳᠡᠭ ᠢ  ᠮᠠᠯᠴᠢᠨ ᠲᠠᠷᠢᠶᠠᠴᠢᠨ  ᠳᠤ ᠤᠷᠢᠳᠴᠢᠯᠠᠨ ᠮᠡᠳᠡᠭᠳᠡᠵᠦ᠂ ᠭᠠᠯ ᠤᠨ ᠠᠶᠤᠯ ᠡᠭᠦᠰᠬᠦ ᠠᠴᠠ ᠡᠷᠡᠰ ᠰᠡᠷᠭᠡᠶᠢᠯᠡᠬᠦ ᠬᠡᠷᠡᠭᠲᠡᠢ᠃  ᠴᠠᠭᠳᠠᠨ ᠪᠠᠶᠢᠴᠠᠭᠠᠠᠬᠤ ᠡᠷᠴᠢᠮ ᠢᠶᠠᠨ ᠪᠥᠬᠦ ᠲᠠᠯ᠎ᠠ ᠪᠠᠷ ᠴᠢᠩᠭᠠᠷᠠᠭᠤᠯᠵᠤ᠂ ᠪᠤᠤᠴᠠᠩ ᠤᠨ ᠳ᠋ᠦᠩ ᠱᠠᠨ ᠴᠡᠴᠡᠷᠯᠢᠭ ᠤᠨ ᠲᠥᠷᠥᠯ ᠵᠦᠢᠯ ᠤᠨ ᠤᠷᠤᠨ᠂ ᠶᠠᠩ ᠵᠢᠤᠸᠠᠨ ᠮᠧᠨ ᠲᠥᠷᠥᠯ ᠵᠦᠢᠯ ᠤᠨ ᠤᠷᠤᠨ᠂ ᠰᠢ ᠱᠠᠨ ᠲᠥᠷᠥᠯ ᠵᠦᠢᠯ ᠤᠨ  ᠤᠷᠤᠨ ᠵᠡᠷᠭᠡ 7 ᠭᠤᠣᠯᠳᠠᠯᠭ᠎ᠠ ᠲᠠᠢ ᠲᠥᠷᠥᠯ ᠵᠦᠢᠯ ᠤᠨ ᠤᠷᠤᠨ ᠳᠤ ᠲᠣᠭᠲᠠᠮᠠᠯ ᠪᠤᠰᠤ ᠬᠤᠭᠤᠴᠠᠭ᠎ᠠ ᠲᠠᠢ ᠬᠦᠨᠵᠡᠬᠡᠶᠢᠷᠡᠵᠦ ᠴᠠᠭᠳᠠᠨ ᠪᠠᠶᠢᠴᠠᠭᠠᠬᠤ ᠠᠵᠢᠯ ᠢ ᠬᠢᠬᠦ ᠭᠡᠷᠡᠭᠳᠡᠢ ᠭᠡᠵᠦ ᠱᠠᠭᠠᠷᠳᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号