︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ︾  —  ᠴᠢᠶᠠᠨ ᠶᠢᠨ ᠭᠧᠦ ᠪᠠᠯᠭᠠᠰᠤ  ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ︾ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/9/12
  ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ  ᠪᠠᠳᠤᠳᠬᠠᠨ᠂  ᠡᠷᠡᠭᠦᠯ ᠵᠤᠬᠢᠴᠠᠩᠭᠤᠢ ᠦᠭᠡ ᠬᠡᠯᠡᠨ ᠤ ᠤᠷᠴᠢᠨ ᠲᠤᠭᠤᠷᠢᠨ ᠢ ᠪᠠᠶᠢᠭᠤᠯᠵᠤ᠂ ᠦᠭᠡ ᠬᠡᠯᠡ ᠦᠰᠦᠭ ᠪᠢᠴᠢᠭ ᠤᠨ ᠲᠦᠷᠢᠮᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 11 ᠤ ᠡᠳᠦᠷ ᠴᠢᠶᠠᠨ ᠶᠢᠨ ᠭᠧᠦ ᠪᠠᠯᠭᠠᠰᠤᠨ ᠤ ᠬᠢᠨ 26 ᠳ᠋ᠤᠭᠠᠷ ᠬᠤᠭᠤᠴᠠᠭᠠᠨ ᠤ  ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠪᠠᠯᠭᠠᠰᠤᠨ ᠤ ᠪᠠᠶᠢᠭᠤᠯᠭ᠎ᠠ ᠨᠢᠬᠡᠴᠡ ᠳᠤ᠂ ᠺᠠᠳ᠋ᠷ ᠠᠵᠢᠯᠲᠠᠳ  ︽ 26 ᠳ᠋ᠤᠭᠠᠷ ᠬᠤᠭᠤᠴᠠᠭᠠᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ   ᠢ ᠳᠡᠯᠭᠡᠷᠡᠭᠦᠯᠬᠦ ᠭᠠᠷᠠᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠤᠬᠠᠭᠤᠯᠭ᠎ᠠ ᠶᠢᠨ ᠠᠵᠢᠯᠯᠠᠭᠠᠨ ᠤ ᠲᠦᠰᠦᠪ︾ ᠵᠢᠴᠢ ︽26 ᠳ᠋ᠤᠭᠠᠷ ᠬᠤᠭᠤᠴᠠᠭᠠᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠭᠠᠷᠠᠭ ᠤᠨ ᠨᠡᠶᠢᠲᠡ ᠶᠢᠨ ᠠᠰᠠᠷᠠᠮᠵᠢ ᠶᠢᠨ ᠵᠠᠷ︾ ᠢ  ᠤᠯᠠᠮᠵᠢᠯᠠᠨ ᠰᠤᠷᠤᠯᠴᠠᠭᠰᠠᠨ ᠪᠥᠭᠡᠳ ︽ᠨᠡᠶᠢᠲᠡᠯᠢᠭ ᠬᠡᠯᠡ ᠶᠢ ᠲᠡᠯᠬᠡᠷᠡᠬᠦᠯᠦᠨ ᠲᠦᠭᠡᠮᠡᠯᠵᠢᠭᠦᠯᠵᠦ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ︾  ᠬᠡᠮᠡᠬᠦ ᠭᠤᠣᠯ ᠰᠡᠳᠦᠪ ᠤᠨ ᠲᠤᠬᠠᠢ ᠰᠠᠨᠠᠯ ᠢᠶᠠᠨ ᠰᠣᠯᠢᠯᠴᠠᠨ᠂ ᠠᠵᠢᠯ ᠤᠨ ᠳᠤᠮᠳᠠ ᠪᠠᠨ ᠨᠡᠶᠢᠲᠡᠯᠢᠭ ᠬᠡᠯᠡ ᠪᠠᠷ ᠦᠢᠯᠡᠴᠢᠯᠡᠭᠡᠨ ᠤ ᠬᠡᠯᠡ ᠪᠣᠯᠭᠠᠵᠤ᠂ ᠪᠣᠯᠪᠠᠰᠤᠨ ᠬᠡᠯᠡ ᠶᠠᠷᠢᠶᠠᠨ ᠤ ᠥᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠨ᠎ᠠ ᠭᠡᠵᠦ ᠢᠯᠡᠷᠬᠡᠶᠢᠯᠡᠪᠡ᠃  ᠬᠦᠳᠡᠭᠡ ᠲᠣᠰᠬᠤᠨ ᠳᠤ᠂   ᠡᠯᠬᠦᠭᠡ ᠪᠢᠴᠢᠭᠡᠰᠦ᠂ ᠡᠯᠧᠺᠲᠷᠣᠨ ᠳᠡᠯᠭᠡᠴᠡ ᠶᠢ ᠠᠰᠢᠭᠯᠠᠨ ︽ᠨᠡᠶᠢᠲᠡᠯᠢᠭ ᠬᠡᠯᠡ ᠶᠢ ᠲᠡᠯᠬᠡᠷᠡᠬᠦᠯᠦᠨ ᠲᠦᠭᠡᠮᠡᠯᠵᠢᠭᠦᠯᠵᠦ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠶ᠎ᠠ︾᠂ ︽ᠨᠡᠶᠢᠲᠡᠯᠢᠭ ᠬᠡᠯᠡ ᠶᠢ ᠶᠡᠭᠡ ᠪᠠᠷ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ  ᠴᠢᠩᠭᠠᠷᠠᠭᠤᠯᠤᠶ᠎ᠠ︾᠂ ︽ᠨᠡᠶᠢᠲᠡᠯᠢᠭ ᠬᠡᠯᠡ ᠪᠠᠷ ᠰᠠᠶᠢᠬᠠᠨ ᠶᠠᠷᠢᠵᠤ᠂  ᠬᠡᠨ ᠠᠯᠢᠨ ᠳᠠᠭᠠᠨ ᠲᠦᠬᠦᠮ ᠦᠵᠡᠬᠦᠯᠦᠶ᠎ᠡ ︾᠂ ︽ ᠲᠦᠷᠢᠮᠵᠢᠭᠰᠡᠨ ᠦᠰᠦᠭ ᠪᠢᠴᠢᠵᠦ  ᠂  ᠲᠦᠪᠡᠭ ᠦᠬᠡᠢ ᠰᠠᠶᠢᠬᠠᠨ ᠨᠡᠪᠳᠡᠷᠡᠯᠴᠡᠶ᠎ᠡ  ︾ ᠭᠡᠬᠦ  ᠮᠡᠳᠦ ᠶᠢᠨ ᠤᠬᠠᠭᠤᠯᠭ᠎ᠠ ᠶᠢᠨ ᠤᠷᠢᠶ᠎ᠠ ᠲᠠᠯᠪᠢᠵᠤ᠂ ᠨᠡᠶᠢᠲᠡᠯᠢᠭ ᠬᠡᠯᠡ ᠶᠢ ᠲᠦᠭᠡᠮᠡᠯᠵᠢᠭᠦᠯᠦᠨ᠂ ᠦᠭᠡ ᠬᠡᠯᠡ ᠦᠰᠦᠭ ᠪᠢᠴᠢᠭ ᠤᠨ ᠲᠦᠷᠢᠮᠵᠢᠯ ᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠠᠢ᠃ ᠵᠠᠬ᠎ᠠ ᠲᠡᠯᠬᠡᠬᠦᠷ ᠳᠡᠭᠡᠷ᠎ᠡ᠂  ᠪᠠᠯᠭᠠᠰᠤᠨ ᠤ ᠺᠠᠳ᠋ᠷ ᠠᠵᠢᠯᠲᠠᠳ ᠠᠴᠠ ᠲᠣᠰᠬᠤᠨ ᠤ ᠠᠷᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ︽ᠴᠢᠶᠠᠨ ᠶᠢᠨ ᠭᠧᠦ ᠪᠠᠯᠭᠠᠰᠤᠨ ᠤ 26 ᠳ᠋ᠤᠭᠠᠷ ᠬᠤᠭᠤᠴᠠᠭᠠᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠭᠠᠷᠠᠭ ᠤᠨ ᠤᠷᠢᠶᠠᠯᠠᠭ᠎ᠠ ᠶᠢᠨ ᠪᠢᠴᠢᠭ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠥᠭᠡᠳ ᠨᠡᠶᠢᠲᠡᠯᠢᠭ ᠬᠡᠯᠡ ᠶᠢ ᠲᠡᠯᠬᠡᠷᠡᠬᠦᠯᠦᠨ ᠬᠡᠷᠡᠭᠯᠡᠬᠦ ᠶᠢᠨ ᠴᠢᠬᠤᠯᠠ ᠠᠴᠢ ᠬᠤᠯᠪᠣᠭᠳᠠᠯ ᠢ ᠤᠬᠠᠭᠤᠯᠵᠤ᠂ ᠨᠡᠶᠢᠲᠡᠯᠢᠭ ᠬᠡᠯᠡᠨ ᠤ ᠳᠡᠯᠭᠡᠷᠡᠭᠦᠯᠦᠭᠴᠢ ᠪᠣᠯᠬᠤ ᠶᠢ ᠵᠤᠷᠢᠬᠵᠢᠭᠤᠯᠤᠭᠰᠠᠨ ᠪᠠᠶᠢᠨ᠎ᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号