ᠴᠧᠨ ᠶᠠᠨ ᠪᠦᠦ ᠪᠤᠤᠴᠠᠩ ᠭᠤᠣᠯ ᠢ ᠴᠠᠭᠳᠠᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2023/9/15
   9 ᠰᠠᠷ᠎ᠠ ᠶᠢᠨ 12 ᠤᠨ ᠡᠳᠦᠷ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠪᠤᠤᠴᠠᠩ ᠭᠤᠣᠯ ᠳᠤ ᠬᠦᠷᠴᠦ᠂ ᠭᠤᠣᠯ ᠤᠨ ᠤᠷᠤᠰᠬᠠᠯ ᠤᠨ ᠬᠤᠭ ᠨᠤᠪᠰᠢ ᠢ ᠠᠷᠢᠯᠭᠠᠭᠰᠠᠨ᠂ ᠡᠷᠭᠢ ᠬᠦᠪᠡᠭᠡᠨ ᠤ ᠣᠷᠴᠢᠨ ᠲᠣᠭᠤᠷᠢᠨ ᠢ ᠵᠠᠰᠠᠭᠰᠠᠨ᠂  ᠬᠠᠰᠢᠯᠭ᠎ᠠ  ᠲᠠᠯᠠᠩ ᠢ ᠬᠠᠮᠠᠭᠠᠯᠠᠭᠰᠠᠨ ᠵᠡᠷᠭᠡ ᠪᠠᠶᠢᠳᠠᠯ   ᠳᠤ ᠲᠤᠬᠠᠢ ᠶᠢᠨ ᠭᠠᠵᠠᠷ ᠤᠨ ᠪᠠᠶᠢᠴᠠᠭᠠᠯᠳᠠ ᠬᠢᠭᠰᠡᠨ ᠪᠠᠶᠢᠨ᠎ᠠ᠃ ᠴᠧᠨ ᠶᠠᠨ ᠪᠦᠦ ᠴᠢᠬᠤᠯᠠᠴᠢᠯᠠᠬᠤ ᠳᠠᠭᠠᠨ᠂ ᠭᠤᠣᠯ ᠤᠨ ᠳᠠᠷᠤᠭ᠎ᠠ ᠶᠢᠨ ᠳᠦᠷᠢᠮ ᠪᠣᠯ ᠨᠠᠭᠤᠷ ᠭᠤᠣᠯ ᠤᠨ ᠠᠷᠢᠭᠤᠨ ᠴᠡᠪᠡᠷ ᠢ ᠬᠠᠮᠠᠭᠠᠯᠠᠬᠤ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢᠨ ᠴᠢᠬᠤᠯᠠ ᠳᠦᠷᠢᠮ ᠤᠨ ᠪᠠᠲᠤᠯᠠᠭ᠎ᠠ ᠮᠥᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠷᠭᠡᠪᠰᠢ ᠭᠤᠣᠯ ᠤᠨ ᠬᠤᠶᠠᠷ ᠡᠷᠭᠢ ᠳᠠᠬᠢ ᠳᠤᠷ᠎ᠠ ᠪᠠᠷ ᠢᠶᠠᠨ ᠪᠠᠷᠢᠵᠤ ᠪᠠᠶᠢᠭᠤᠯᠬᠤ ᠶᠢ ᠴᠡᠭᠴᠡᠯᠡᠨ ᠵᠠᠰᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠷᠭᠢ ᠬᠦᠪᠡᠭᠡ ᠶᠢ ᠡᠵᠡᠯᠡᠨ ᠭᠡᠷ ᠪᠠᠶᠢᠰᠢᠩ ᠪᠠᠷᠢᠬᠤ᠂ ᠬᠤᠭ ᠨᠣᠪᠰᠢ  ᠤᠪᠤᠭᠠᠯᠠᠬᠤ᠂  ᠪᠣᠬᠢᠷᠲᠤᠯ  ᠭᠠᠳᠠᠭᠰᠢᠯᠠᠭᠤᠯᠬᠤ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ ᠴᠡᠭᠴᠡᠯᠡᠬᠦ ᠬᠡᠷᠡᠭᠲᠡᠢ᠃  ᠬᠠᠮᠳᠤᠷᠠᠭᠰᠠᠨ ᠬᠠᠮᠠᠭᠠᠯᠠᠯᠳᠠ ᠵᠠᠰᠠᠯᠳᠠ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂  ᠭᠠᠢ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠦᠶᠡᠷ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠠᠷᠭ᠎ᠠ ᠬᠡᠮᠵᠢᠶ᠎ᠡ ᠶᠢ ᠨᠢᠮᠪᠠᠢ ᠨᠠᠶᠢᠳᠠᠪᠤᠷᠢᠵᠢᠭᠤᠯᠵᠤ᠂ ᠭᠤᠣᠯ ᠤᠨ ᠤᠷᠤᠰᠬᠠᠯ᠂  ᠭᠤᠣᠯᠳᠠᠯᠭ᠎ᠠ ᠲᠠᠢ ᠭᠠᠵᠠᠷ ᠣᠷᠣᠨ ᠤ ᠲᠠᠯᠳᠠ ᠭᠡᠮ ᠤᠨ ᠪᠠᠶᠢᠴᠠᠭᠠᠯᠳᠠ ᠶᠢ ᠴᠢᠩᠭᠠᠳᠬᠠᠨ᠂ ᠬᠠᠰᠢᠯᠭ᠎ᠠ ᠲᠠᠯᠠᠩ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠠᠶᠢᠴᠠᠭᠠᠯᠳᠠ ᠵᠠᠰᠠᠯᠳᠠ ᠬᠠᠮᠠᠭᠠᠯᠠᠯᠳᠠ ᠶᠢᠨ ᠠᠵᠢᠯ ᠢ ᠴᠠᠭ ᠲᠤᠬᠠᠢ ᠳᠤᠨᠢ ᠦᠷᠨᠢᠬᠦᠯᠬᠦ ᠶᠢᠨ ᠬᠠᠮᠳᠤ᠂ ᠦᠶᠡᠷ ᠤᠰᠤᠳᠠᠯ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠪ᠂ ᠪᠣᠳᠠᠲᠤ ᠲᠠᠶᠢᠯᠠᠯᠳᠤᠭᠠᠨ ᠤ ᠪᠤᠯᠪᠠᠰᠤᠷᠠᠯ ᠰᠣᠷᠢᠯᠲᠠ᠂ ᠡᠳ᠋ ᠪᠣᠳᠠᠰ ᠤᠨ ᠨᠥᠭᠡᠴᠡ ᠪᠡᠯᠡᠳᠭᠡᠯ ᠵᠡᠷᠭᠡ ᠡᠯ᠎ᠡ  ᠲᠦᠷᠦᠯ ᠤᠨ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠪᠠᠳᠤᠯᠠᠬᠤ ᠭᠡᠷᠡᠭᠳᠡᠢ ᠭᠡᠪᠡ᠃ ᠬᠤᠰᠢᠭᠤᠨ ᠤ ᠣᠰᠣᠨ ᠠᠰᠢᠭᠯᠠᠯᠲᠠ ᠶᠢᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠴᠠᠭᠳᠠᠨ ᠪᠠᠶᠢᠴᠠᠭᠠᠬᠤ  ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号