︽ᠬᠤᠶᠠᠷ ᠪᠠᠶᠠᠷ︾ ᠪᠣᠯᠬᠤ ᠬᠡᠵᠦ ᠪᠠᠶᠢᠭ᠎ᠠ ᠲᠠᠰᠢᠷᠠᠮ ᠳᠤ᠂ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠤᠯᠢ ᠪᠤᠰᠤ ᠵᠠᠷ ᠰᠤᠷᠳᠠᠯᠴᠢᠯᠠᠭ᠎ᠠ ᠶᠢᠨ ᠠᠵᠢᠯᠯᠠᠭ᠎ᠠ ᠶᠢ | ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠦᠷᠨᠢᠬᠦᠯᠦᠨ᠂ ᠬᠤᠳᠠᠯ ᠬᠠᠭᠤᠷᠮᠠᠭ ᠬᠠᠤᠯᠢ ᠪᠤᠰᠤ ᠵᠠᠷ ᠰᠤᠷᠳᠠᠯᠴᠢᠯᠠᠭ᠎ᠠ | ᠬᠢᠵᠦ ᠬᠡᠷᠡᠭᠯᠡᠭᠴᠢᠳ ᠢ ᠮᠡᠬᠡᠯᠡᠬᠦ ᠪᠠ ᠪᠤᠷᠤᠭᠤ ᠵᠦᠭ ᠬᠥᠲᠥᠯᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠵᠠᠷ ᠰᠤᠷᠳᠠᠯᠴᠢᠯᠠᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠦᠷᠢᠮᠵᠢᠬᠦᠯᠦᠨ᠂ ᠪᠠᠶᠠᠷ ᠤᠨ | ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠵᠦ᠂ ᠬᠡᠷᠡᠭᠯᠡᠭᠴᠢᠳ ᠤᠨ | ᠡᠷᠬᠡ ᠠᠰᠢᠭ ᠢ ᠬᠠᠮᠠᠭᠠᠯᠠᠵᠤ ᠪᠠᠶᠢᠨ᠎ᠠ᠃ ᠲᠤᠰᠬᠠᠢ ᠴᠡᠭᠴᠡᠯᠡᠯᠳᠡ ᠨᠢ ᠡᠵᠡᠩᠨᠡᠨ ᠪᠣᠷᠣᠯᠠᠭᠤᠯᠬᠤ ᠤᠬᠠᠭᠤᠯᠭ᠎ᠠ | ᠰᠤᠷᠳᠠᠯᠴᠢᠯᠠᠭ᠎ᠠ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠂ ᠭᠤᠣᠯ ᠰᠡᠳᠦᠪᠲᠦ ᠬᠥᠮᠦᠵᠢᠯ ᠤᠨ | ᠨᠡᠷ᠎ᠡ ᠶᠢ ᠠᠰᠢᠭᠯᠠᠨ ᠪᠠᠷᠠᠭ᠎ᠠ ᠲᠠᠸᠠᠷ ᠪᠤᠷᠤᠯᠠᠭᠤᠯᠬᠤ ᠪᠤᠶᠤ ᠦᠢᠯᠡᠴᠢᠯᠡᠭᠡᠨ ᠤ ᠵᠠᠷ ᠰᠤᠷᠳᠠᠯᠴᠢᠯᠠᠭ᠎ᠠ ᠬᠢᠬᠦ ᠬᠠᠤᠯᠢ | ᠪᠤᠰᠤ ᠦᠢᠯᠡ ᠠᠵᠢᠯᠯᠠᠭ᠎ᠠ᠂ ᠪᠠᠶᠠᠷ ᠤᠨ ᠡᠳᠦᠷ ᠤᠨ ᠬᠤᠭᠤᠴᠠᠭᠠᠨ ᠳᠤ ᠶᠧᠪᠡᠩ᠂ ᠴᠠᠢ᠂ ᠨᠠᠢᠮᠠᠯᠵᠢ᠂ ᠬᠠᠲᠠᠭᠠᠭᠰᠠᠨ | ᠦᠬᠡᠷ ᠤᠨ ᠮᠢᠬ᠎ᠠ ᠵᠡᠷᠭᠡ ᠲᠠᠸᠠᠷ ᠤᠨ ᠲᠤᠬᠠᠢ ᠬᠠᠤᠯᠢ ᠪᠤᠰᠤ ᠵᠠᠷ ᠰᠤᠷᠳᠠᠯᠴᠢᠯᠠᠭ᠎ᠠ ᠬᠢᠬᠦ ᠦᠶᠯᠡ ᠠᠵᠢᠯᠯᠠᠭ᠎ᠠ | ᠵᠡᠷᠭᠡ ᠶᠢ ᠪᠠᠶᠢᠴᠠᠭᠠᠨ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ | ᠵᠠᠷ ᠮᠡᠳᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠠᠢ᠃ ᠡᠭᠦᠨ ᠤ ᠬᠠᠮᠲᠤ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ᠂ ᠰᠦᠯᠵᠢᠶ᠎ᠡ ᠵᠠᠭᠤᠴᠢᠯᠠᠭᠤᠷ ᠢ ᠠᠰᠢᠭᠯᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠰᠤᠷᠳᠠᠯᠴᠢᠯᠠᠭ᠎ᠠ ᠶᠢᠨ ᠬᠠᠤᠯᠢ︾ ᠵᠡᠷᠭᠡ ᠬᠠᠮᠢᠶ᠎ᠠ | ᠪᠦᠬᠦᠢ ᠬᠠᠤᠯᠢ ᠲᠦᠷᠢᠮ ᠢ ᠤᠬᠠᠭᠤᠯᠵᠤ᠂ ᠡᠵᠡᠩᠨᠡᠭᠴᠢᠳ ᠪᠠ ᠬᠡᠷᠡᠭᠯᠡᠭᠴᠢᠳ ᠢ ᠵᠢᠯᠤᠭᠤᠳᠤᠨ ᠬᠠᠤᠯᠢ ᠶᠢ | ᠰᠤᠷᠴᠤ ᠬᠠᠤᠯᠢ ᠶᠢ ᠮᠡᠳᠡᠬᠦ᠂ ᠬᠠᠤᠯᠢ ᠶᠤᠰᠤᠭᠠᠷ ᠡᠵᠡᠩᠨᠡᠯᠳᠡ ᠬᠢᠬᠦ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ | ᠦᠵᠡᠯ ᠤᠬᠠᠮᠰᠠᠷ ᠢ ᠲᠡᠭᠡᠭᠰᠢᠯᠡᠬᠦᠯᠵᠦ᠂ ᠬᠠᠤᠯᠢ ᠪᠤᠰᠤ ᠵᠠᠷ ᠰᠤᠷᠳᠠᠯᠴᠢᠯᠠᠭ᠎ᠠ ᠶᠢ ᠢᠯᠡᠴᠢᠯᠡᠨ ᠮᠡᠳᠡᠬᠦᠯᠬᠦ ᠶᠢ | ᠲᠠᠶᠢᠴᠢᠯᠠᠨ ᠵᠤᠷᠢᠬᠵᠢᠭᠤᠯᠪᠠ᠃ | ᠤᠯᠠᠨ ᠲᠦᠮᠡᠨ ᠭᠡᠷᠪᠡ ᠬᠠᠤᠯᠢ ᠪᠤᠰᠤ ᠵᠠᠷ ᠮᠡᠳᠡᠭᠡ ᠶᠢ ᠣᠯᠵᠤ ᠮᠡᠳᠡᠪᠡᠯ᠂ ᠴᠠᠭ ᠲᠤᠬᠠᠢ ᠳᠤᠨᠢ 12315᠂ | 12345 ᠳᠤ ᠤᠲᠠᠰᠤᠳᠠᠵᠤ ᠢᠯᠡᠴᠢᠯᠡᠨ ᠮᠡᠳᠡᠭᠦᠯᠦᠭᠡᠷᠡᠢ᠃ |