9 ᠰᠠᠷ᠎ᠠ ᠶᠢᠨ 11 ᠤ ᠡᠳᠦᠷ ᠠᠴᠠ 13 ᠤ ᠡᠳᠦᠷ ᠪᠣᠯᠲᠠᠯ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ | IGPE ᠳᠤᠮᠳᠠᠳᠤ ᠤᠯᠤᠰ ᠤᠨ ᠠᠮᠤ ᠲᠣᠰᠣᠨ ᠤ ᠦᠵᠡᠰᠬᠦᠯᠡᠩ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ | IEOE ᠳᠤᠮᠳᠠᠳᠤ ᠤᠯᠤᠰ ᠤᠨ ᠢᠳᠡᠰᠢᠨ ᠲᠣᠰᠣᠨ ᠤ ᠦᠵᠡᠰᠬᠦᠯᠡᠩ ᠤᠨ ᠯᠢᠶᠣᠤᠨᠢᠩ ᠳᠠᠬᠢ ᠦᠵᠡᠰᠬᠦᠯᠡᠩ | ᠳᠤᠮᠳᠠᠳᠤ ᠤᠯᠤᠰ ᠤᠨ ᠱᠧᠨᠶᠠᠩ ᠤᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠶᠠᠪᠤᠭᠳᠠᠪᠠ᠃ ᠬᠤᠩ | ᠵᠢᠩ ᠶᠤᠸᠠᠨ ᠢᠳᠡᠰᠢᠨ ᠲᠤᠰᠤᠨ ᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠨᠢ ᠥᠪᠥᠷ ᠮᠣᠩᠭᠤᠯ ᠤᠨ ᠲᠠᠷᠢᠶᠠᠯᠠᠩ | ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ | ᠪᠣᠯᠤᠭᠰᠠᠨ ᠤ ᠬᠤᠪᠢ ᠳᠤ ᠡᠨᠡ ᠬᠤᠭᠤᠴᠠᠭᠠᠨ ᠤ ᠦᠵᠡᠰᠬᠦᠯᠡᠩ ᠳᠤ ᠤᠷᠢᠭᠳᠠᠨ ᠤᠷᠤᠯᠴᠠᠭᠰᠠᠨ ᠪᠦᠭᠡᠳ | ᠦᠢᠯᠡᠳᠬᠦᠨ ᠤ ᠶᠠᠰᠤ ᠴᠢᠨᠠᠷ ᠪᠣᠯᠣᠨ ᠬᠡᠷᠡᠭᠯᠡᠭᠴᠢᠳ ᠤᠨ ᠦᠨᠡᠯᠡᠯᠳᠡ ᠲᠠᠭᠠᠰᠢᠶᠠᠯ ᠳᠤ ᠲᠦᠰᠢᠭᠯᠡᠨ᠂ ︽ᠡᠷᠡᠭᠦᠯ | ᠮᠡᠨᠳᠦ ᠲᠣᠰᠣᠨ ᠤ ᠦᠢᠯᠡᠳᠬᠦᠨ ᠤ ᠠᠯᠲᠠᠨ ᠱᠠᠩᠨᠠᠯ︾ ᠢ ᠳᠠᠬᠢᠨᠲᠠ ᠲᠤᠰᠤᠭᠰᠠᠨ ᠪᠠᠶᠢᠨ᠎ᠠ᠃ ᠣᠶᠢᠯᠠᠭᠠᠭᠰᠠᠨ ᠢᠶᠠᠷ᠂ | ᠬᠤᠩ ᠵᠢᠩ ᠶᠤᠸᠠᠨ ᠺᠤᠮᠫᠠᠨᠢ ᠶᠢᠨ ᠬᠢᠨ ᠨᠢᠭᠡᠨᠲᠡ ᠣᠯᠠᠨ ᠵᠢᠯ ᠳᠠᠷᠠᠭᠠᠯᠠᠨ ᠲᠣᠰ ᠱᠠᠩᠨᠠᠯ ᠢ ᠬᠦᠷᠳᠡᠵᠡᠢ᠃ | ᠦᠵᠡᠰᠬᠦᠯᠡᠩ ᠤᠨ ᠬᠤᠭᠤᠴᠠᠭᠠᠨ ᠳᠤ᠂ ᠳᠤᠮᠳᠠᠳᠤ ᠤᠯᠤᠰ ᠤᠨ ᠠᠮᠤ ᠳᠤᠰᠤᠨ ᠤ ᠰᠤᠳᠤᠯᠭᠠᠨ ᠤ ᠨᠡᠶᠢᠭᠡᠮᠯᠢᠭ ᠤᠨ | ᠲᠡᠷᠢᠭᠦᠨ ᠵᠡᠷᠭᠡ ᠶᠢᠨ ᠲᠤᠰᠬᠠᠢ ᠮᠡᠷᠭᠡᠵᠢᠯᠲᠡᠨ᠂ ᠢᠳᠡᠰᠢᠨ ᠳᠤᠰᠤᠨ ᠤ ᠬᠤᠪᠢᠶᠠᠷᠢ ᠨᠡᠶᠢᠭᠡᠮᠯᠢᠭ ᠤᠨ ᠨᠡᠷ᠎ᠡ | ᠬᠦᠨᠳᠦᠲᠦ ᠳᠠᠷᠤᠭ᠎ᠠ ᠸᠠᠩ ᠷᠦᠢ ᠶᠤᠸᠠᠨ ᠢᠶᠠᠷ ᠲᠦᠷᠦᠭᠦᠯᠡᠭᠦᠯᠦᠭᠰᠡᠨ ᠭᠤᠣᠯᠯᠠᠨ ᠡᠷᠬᠢᠯᠡᠬᠦ ᠲᠠᠯ᠎ᠠ ᠶᠢᠨ ᠬᠢᠨ ᠬᠤᠩ | ᠵᠢᠩ ᠶᠤᠸᠠᠨ ᠤ ᠲᠡᠯᠬᠡᠨ ᠦᠵᠡᠬᠦᠯᠦᠭᠰᠡᠨ ᠪᠦᠳᠦᠭᠡᠭᠳᠡᠬᠦᠨ ᠢ ᠲᠣᠭᠤᠷᠢᠨ ᠦᠵᠡᠵᠦ ᠰᠠᠨᠠᠯ ᠢᠶᠠᠨ ᠰᠣᠯᠢᠯᠴᠠᠪᠠ᠃ | ᠸᠠᠩ ᠷᠦᠢ ᠶᠤᠸᠠᠨ ᠠᠴᠠ ᠬᠤᠩ ᠵᠢᠩ ᠶᠤᠸᠠᠨ ᠤ ᠳᠠᠬᠢᠨᠲᠠ ︽ᠠᠯᠲᠠᠨ ᠱᠠᠩᠨᠠᠯ︾ ᠭᠥᠷᠳᠡᠭᠰᠡᠨ ᠳᠤ ᠪᠠᠶᠠᠷ | ᠬᠦᠷᠭᠡᠭᠰᠡᠨ ᠪᠥᠭᠡᠳ ᠬᠤᠩ ᠵᠢᠩ ᠶᠤᠸᠠᠨ ᠤ ᠪᠦᠲᠦᠭᠡᠭᠳᠡᠬᠦᠨ ᠢ ᠳᠡᠭᠡᠳᠦ ᠬᠡᠮᠵᠢᠶ᠎ᠡ ᠪᠠᠷ ᠦᠨᠡᠯᠡᠵᠦ᠂ | ᠦᠷᠬᠦᠯᠵᠢᠯᠡᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠤᠭ ᠰᠠᠨᠠᠭ᠎ᠠ ᠪᠠᠨ ᠪᠠᠲᠤ ᠰᠠᠬᠢᠵᠤ᠂ ᠡᠷᠡᠭᠦᠯ ᠴᠢᠨᠠᠷᠯᠢᠭ | ᠢᠳᠡᠰᠢᠨ ᠲᠣᠰᠣᠨ ᠤ ᠪᠦᠲᠦᠭᠡᠭᠳᠡᠬᠦᠨ ᠢ ᠲᠦᠭ ᠲᠦᠮᠡᠨ ᠠᠶᠢᠯ ᠡᠷᠦᠬᠡ ᠳᠤ ᠭᠡᠷᠡᠭᠯᠡᠬᠦᠯᠬᠦ ᠳᠤ ᠬᠦᠰᠡᠯ ᠨᠠᠶᠢᠳᠠᠯᠭ᠎ᠠ | ᠪᠠᠨ ᠲᠠᠯᠪᠢᠵᠠᠢ᠃ | 1983 ᠣᠨ ᠳᠤ ᠪᠠᠶᠢᠭᠤᠯᠤᠭᠳᠠᠭᠰᠠᠨ ᠬᠤᠩ ᠵᠢᠩ ᠶᠤᠸᠠᠨ ᠤ ᠬᠢᠨ 40 ᠵᠢᠯ ᠤᠨ ᠲᠤᠷᠰᠢ ︽ᠦᠨᠡᠨᠴᠢ | ᠢᠳᠡᠭᠡᠮᠵᠢ ᠪᠠᠷ ᠦᠨᠳᠦᠰᠦ ᠪᠣᠯᠭᠠᠬᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠰᠢᠨᠵᠢᠯᠡᠭᠡ ᠮᠡᠷᠭᠡᠵᠢᠯ ᠤᠨ | ᠰᠢᠨ᠎ᠡ ᠶᠢ ᠡᠭᠦᠳᠬᠦ᠂ ᠬᠠᠮᠳᠤ ᠶᠢᠨ ᠠᠰᠢᠭ ᠢ ᠡᠬᠦᠷᠢᠳᠡ ᠪᠠᠷᠢᠮᠳᠠᠯᠠᠬᠤ︾ ᠡᠵᠡᠩᠨᠡᠯᠲᠡ ᠶᠢᠨ ᠣᠶᠢᠯᠠᠭᠠᠭᠳᠠᠬᠤᠨ ᠪᠠ | ︽ᠬᠥᠳᠡᠭᠡ ᠲᠣᠰᠬᠤᠨ ᠠᠴᠠ ᠢᠷᠡᠯᠲᠡ ᠲᠠᠢ᠂ ᠬᠥᠳᠡᠭᠡ ᠠᠵᠤ ᠠᠬᠤᠢ ᠳᠤ ᠦᠨᠳᠦᠰᠦᠯᠡᠬᠦ᠂ ᠲᠠᠷᠢᠶᠠᠴᠢᠳ ᠲᠤ | ᠦᠢᠯᠡᠴᠢᠯᠡᠬᠦ︾ ᠬᠥᠭᠵᠢᠯᠲᠡ ᠶᠢᠨ ᠵᠣᠷᠢᠯᠲᠠ ᠶᠢ ᠪᠠᠷᠢᠮᠲᠠᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠶᠢᠨ | ᠦᠨᠡᠯᠡᠯᠲᠡ ᠶᠢ ᠤᠯᠵᠤ ᠢᠷᠡᠭᠰᠡᠨ ᠪᠠᠶᠢᠳᠠᠭ᠃ 40 ᠵᠢᠯ ᠤᠨ ᠲᠤᠷᠰᠢ᠂ ︽ᠬᠤᠩ ᠵᠢᠩ ᠶᠤᠸᠠᠨ︾ ᠰᠢᠯᠢᠳᠡᠭ | ᠰᠠᠶᠢᠨ ᠣᠷᠣᠨ ᠪᠠᠶᠢᠷᠢ ᠶᠢᠨ ᠳᠠᠪᠠᠭᠤᠯᠢᠭ ᠪᠣᠯᠣᠨ ᠤᠳᠠᠭᠠᠨ ᠵᠢᠯ ᠤᠨ ᠲᠤᠷᠰᠢ ᠬᠤᠷᠠᠮᠳᠤᠭᠤᠯᠤᠭᠰᠠᠨ ᠠᠷᠭ᠎ᠠ | ᠲᠤᠷᠰᠢᠯᠭ᠎ᠠ᠂ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠤᠭᠰᠠᠨ ᠦᠢᠯᠡᠳᠪᠦᠷᠢᠯᠡᠯ ᠤᠨ ᠤᠷ᠎ᠠ ᠮᠡᠷᠭᠡᠵᠢᠯ ᠳᠡᠭᠡᠨ | ᠲᠦᠰᠢᠭᠯᠡᠵᠦ᠂ ᠤᠯᠤᠰ ᠤᠨ ᠳᠣᠲᠣᠭᠠᠳᠤ ᠳᠠᠬᠢ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠢᠶᠠᠨ ᠲᠠᠰᠤᠷᠠᠯᠳᠠ ᠦᠬᠡ | ᠦᠷᠭᠡᠳᠬᠡᠨ᠂ ᠦᠢᠯᠡᠳᠬᠦᠨ ᠢᠶᠠᠨ ᠪᠦᠬᠦ ᠤᠯᠤᠰ ᠲᠤ ᠪᠣᠷᠣᠯᠠᠭᠤᠯᠬᠤ ᠶᠢᠨ ᠬᠠᠮᠲᠤ ᠂ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠨᠡᠷ᠎ᠡ ᠠᠯᠳᠠᠷ ᠲᠠᠢ ᠡᠮᠨᠡᠯᠭᠡ ᠶᠢᠨ ᠬᠤᠷᠢᠶ᠎ᠠ᠂ | ᠶᠡᠭᠡ ᠲᠡᠭᠡᠳᠦ ᠰᠤᠷᠭᠠᠭᠤᠯᠢ ᠵᠡᠷᠭᠡ ᠳᠤ ᠦᠢᠯᠡᠳᠬᠦᠨ ᠢᠶᠠᠨ ᠬᠦᠷᠭᠡᠵᠦ᠂ ᠦᠷᠭᠡᠨ ᠤᠯᠠᠨ ᠬᠡᠷᠡᠭᠯᠡᠭᠴᠢᠳ ᠤᠨ | ᠰᠠᠶᠢᠨ ᠦᠨᠡᠯᠡᠯᠲᠡ ᠶᠢ ᠤᠯᠤᠭᠠᠳ᠂ ᠳᠤᠮᠳᠠᠳᠤ ᠤᠯᠤᠰ ᠤᠨ ᠶᠠᠮᠠ ᠶᠢᠨ ᠦᠷ᠎ᠡ ᠶᠢᠨ ᠳᠤᠰᠤᠨ ᠤ ᠠᠵᠢᠯ | ᠲᠦᠷᠦᠯ ᠤᠨ ᠤᠳᠤᠷᠢᠳᠬᠤ ᠴᠢᠨᠠᠷᠳᠠᠢ ᠲᠦᠷᠦᠯ ᠲᠡᠮᠳᠡᠭ ᠪᠣᠯᠣᠨ ᠳᠠᠭᠠᠭᠤᠯᠤᠭᠴᠢ ᠠᠵᠤ ᠠᠬᠤᠶᠢᠯᠠᠯ ᠪᠣᠯᠵᠠᠢ᠃ |