ᠭᠧ ᠵᠢᠶᠦ᠋ᠨ ᠺᠠᠢ ᠲᠠᠶᠢᠹᠤᠰᠧ ᠬᠤᠰᠢᠭᠤᠨ ᠳᠤ  ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2023/9/15
  9 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠦᠷ ᠴᠠᠭ ᠲᠤᠰᠢᠶᠠᠯ ᠡᠭᠦᠷᠭᠡᠯᠡᠬᠦ ᠪᠦᠯᠬᠦᠮ ᠤᠨ ᠶᠡᠷᠦᠩᠬᠡᠢ ᠳᠠᠭᠠᠭᠤᠯᠤᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠭᠧ ᠵᠢᠶᠦ᠋ᠨ ᠺᠠᠢ ᠵᠡᠷᠭᠡ ᠬᠦᠮᠦᠰ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠂  ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ  ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ᠃ ᠴᠧᠨ ᠶᠠᠨ ᠪᠦᠦ᠂ ᠹᠠᠨ ᠬᠤᠸᠠ ᠮᠢᠨ ᠪᠠᠶᠢᠴᠠᠭᠠᠨ ᠰᠤᠳᠤᠯᠤᠯᠲᠠ ᠳᠤ  ᠤᠷᠤᠯᠴᠠᠵᠠᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠶᠦᠩ  ᠹᠧᠩ ᠪᠠᠯᠭᠠᠰᠤᠨ ᠤ ᠱᠠᠩ ᠫᠢ ᠹᠠᠩ ᠲᠣᠰᠬᠤᠨ᠂ ᠺᠠᠢ ᠳ᠋ᠠ ᠲᠦᠮᠦᠰᠦᠨ ᠤ ᠦᠢᠯᠡᠰ ᠤᠨ ᠺᠤᠮᠫᠠᠨᠢ ᠳᠤ ᠬᠦᠷᠴᠦ᠂ ᠬᠦᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂ ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢ ᠰᠠᠯᠭᠠᠬᠤ ᠲᠦᠷᠦᠯ ᠵᠦᠢᠯ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ᠂  ᠲᠦᠮᠦᠰᠦᠨ  ᠤ ᠨᠠᠷᠢᠯᠢᠭ ᠪᠣᠯᠪᠠᠰᠤᠷᠠᠭᠤᠯᠬᠤ ᠲᠦᠷᠦᠯ ᠵᠦᠢᠯ ᠤᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ ᠃ ᠭᠧ ᠵᠢᠶᠦ᠋ᠨ ᠺᠠᠢ ᠴᠢᠬᠤᠯᠠᠴᠢᠯᠠᠬᠤ ᠳᠠᠭᠠᠨ᠂ ᠣᠳᠣᠬᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠠᠷᠭ᠎ᠠ ᠲᠦᠰᠦᠪ ᠢ ᠨᠠᠷᠢᠯᠢᠬᠵᠢᠭᠤᠯᠤᠨ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠥᠷᠥᠯ ᠵᠦᠢᠯ ᠤᠨ ᠪᠠᠶᠢᠭᠤᠯᠤᠯᠲᠠ ᠶᠢᠨ ᠠᠮᠤᠷ ᠲᠦᠪᠰᠢᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠠᠮᠲᠤ ᠶᠢᠨ ᠲᠠᠨᠢᠯᠲᠠ ᠪᠠᠨ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠵᠡᠭᠦᠨ ᠪᠠᠷᠠᠭᠤᠨ ᠣᠷᠣᠨ ᠤ ᠬᠡᠪ ᠳᠠᠭᠤᠷᠢᠶᠠᠯ ᠪᠤᠯᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂  ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠡᠢ᠃ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠥᠨᠢᠳ ᠪᠠᠷᠠᠭᠤᠨ ᠬᠤᠰᠢᠭᠤᠨ ᠤ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号