ᠵᠠᠩ ᠸᠧᠨ ᠴᠠᠩ ᠰᠤᠮᠤ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/15
  9 ᠰᠠᠷ᠎ᠠ ᠶᠢᠨ 14 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠵᠠᠩ ᠸᠧᠨ ᠴᠠᠩ ᠵᠡᠷᠭᠡ ᠬᠦᠮᠦᠰ ᠰᠢᠩ ᠹᠦ᠋ ᠰᠢᠶᠠᠩ ᠳᠤ  ᠬᠦᠨᠵᠡᠬᠡᠶᠢᠷᠡᠵᠦ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠪᠠᠶᠢᠴᠠᠭᠠᠨ ᠰᠤᠳᠤᠯᠤᠯᠳᠠ ᠬᠢᠵᠡᠢ᠃  ᠰᠢᠩ ᠹᠦ᠋ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂   ᠰᠢᠶᠠᠩ ᠤᠨ ᠳᠠᠷᠤᠭ᠎ᠠ ᠵᠣᠣ ᠢᠦᠢ ᠪᠦᠦ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ  ᠰᠢᠶᠧ ᠰᠢᠶᠣᠣ ᠹᠧᠩ᠂  ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ ᠬᠠᠪᠤᠷ ᠪᠠᠷ᠎ᠠ ᠪᠣᠯᠪᠠ᠃  ᠬᠠᠪᠤᠷ  ᠰᠢᠩ ᠹᠦ᠋ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠭᠤᠷᠪᠠᠨ ᠲᠠᠯ᠎ᠠ ᠠᠴᠠ ᠪᠠᠶᠢᠴᠠᠭᠠᠨ ᠰᠤᠳᠤᠯᠬᠤ ᠳᠤᠭᠤᠶᠢᠯᠠᠩ ᠳᠤ ᠬᠠᠷᠢᠭᠤ ᠮᠡᠳᠡᠭᠦᠯᠦᠯᠲᠡ ᠬᠢᠭᠰᠡᠨ ᠪᠠᠶᠢᠨ᠎ᠠ᠃ ᠵᠠᠩ ᠸᠧᠨ ᠴᠠᠩ ᠠᠴᠠ᠂  ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠠᠤᠯᠢ ᠬᠡᠷᠡᠭᠵᠢᠭᠦᠯᠬᠦ ᠡᠩᠨᠡᠭᠡᠨ ᠤ ᠤᠯᠤᠰ ᠲᠥᠷᠥ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ  ᠪᠦᠷᠢᠨᠰᠢᠬᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ  ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ᠃  ᠬᠠᠤᠯᠢ ᠬᠡᠷᠡᠭᠵᠢᠭᠦᠯᠬᠦ ᠠᠵᠢᠯᠲᠠᠳ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶ᠎ᠠ ᠪᠦᠬᠦᠢ ᠮᠡᠳᠡᠯᠭᠡ ᠶᠢ ᠲᠠᠰᠤᠷᠠᠯᠲᠠ ᠦᠭᠡᠢ ᠰᠤᠷᠤᠯᠴᠠᠵᠤ᠂ ᠶᠡᠷᠦᠩᠬᠡᠶᠢᠯᠡᠭᠰᠡᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠬᠢᠷᠢ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂  ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠴᠢᠨᠠᠷ ᠰᠠᠶᠢᠲᠠᠢ  ᠶᠠᠪᠤᠭᠳᠠᠬᠤ ᠶᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠳᠦᠷᠢᠮ ᠤᠨ ᠵᠥᠪᠯᠡᠯ ᠤᠨ ᠡᠷᠬᠢᠯᠡᠭᠴᠢ ᠫᠧᠩ ᠢᠦᠢ ᠭᠦᠸᠧ ᠴᠢᠬᠤᠯᠠᠴᠢᠯᠠᠬᠤ ᠳᠠᠭᠠᠨ᠂ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠰᠠᠨᠠᠭᠠᠴᠢᠯᠠᠭ᠎ᠠ   ᠠᠴᠠ ᠪᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠪᠠ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠲᠠᠢ ᠬᠠᠷᠢᠯᠴᠠᠵᠤ᠂ ᠵᠠᠰᠠᠭ ᠵᠠᠬᠢᠷᠭᠠᠨ ᠤ ᠰᠢᠳᠬᠡᠯ ᠤᠨ ᠠᠯᠬᠤᠮ ᠶᠠᠪᠤᠴᠠ ᠶᠢ ᠤᠯᠠᠮ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ  ᠬᠡᠪ ᠴᠢᠨᠠᠷ ᠪᠣᠯᠣᠨ ᠠᠵᠢᠯ ᠤᠨ ᠬᠢᠷᠢ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂  ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠵᠢᠩᠬᠢᠨᠢᠴᠢᠯᠡᠯᠲᠡ᠂ ᠲᠦᠷᠢᠮᠵᠢᠯᠳᠡ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号