ᠪᠤᠤᠴᠠᠩ ᠪᠠᠯᠭᠠᠰᠤ  ︽ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ︾  ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/15
  9 ᠰᠠᠷ᠎ᠠ ᠶᠢᠨ 11  ᠤ ᠡᠳᠦᠷ ᠠᠴᠠ 17  ᠤ ᠡᠳᠦᠷ ᠪᠣᠯ ︽26 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ︾ ᠪᠣᠯᠣᠨ᠎ᠠ᠃  ᠪᠤᠤᠴᠠᠩ ᠪᠠᠯᠭᠠᠰᠤᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ︾ ᠪᠠᠷ ᠭᠤᠣᠯ ᠰᠡᠳᠦᠪ ᠪᠤᠯᠭᠠᠨ᠂ ᠡᠯ᠎ᠡ ᠲᠦᠷᠦᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠬᠦᠯᠦᠭᠰᠡᠨ ᠪᠠᠶᠢᠨ᠎ᠠ᠃ ᠡᠨᠡ ᠬᠤᠭᠤᠴᠠᠭᠠᠨ ᠳᠤ᠂ ᠡᠯ᠎ᠡ ᠲᠤᠰᠬᠤᠨ ᠡᠯ᠎ᠡ ᠨᠡᠶᠢᠭᠡᠮ ᠲᠣᠭᠤᠷᠢᠭ ᠤᠨ  ᠬᠢᠨ ᠡᠯᠭᠦᠭᠡ ᠪᠢᠴᠢᠭᠡᠰᠦ  ᠂  ᠡᠯᠧᠺᠲᠷᠣᠨ ᠳᠡᠯᠭᠡᠴᠡ᠂ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠰᠠᠮᠪᠠᠷ᠎ᠠ ᠵᠡᠷᠭᠡ ᠤᠯᠠᠨ ᠶᠠᠩᠵᠤ ᠶᠢᠨ ᠠᠷᠭ᠎ᠠ ᠬᠡᠯᠪᠡᠷᠢ ᠶᠢ ᠠᠰᠢᠭᠯᠠᠨ᠂ ᠡᠳᠦᠷ ᠳᠤᠳᠤᠮ ᠤᠨ ᠠᠮᠢᠳᠤᠷᠠᠯ ᠳᠤᠮᠳᠠ ᠪᠠᠨ ᠨᠡᠶᠢᠲᠡᠯᠢᠭ ᠬᠡᠯᠡ ᠪᠠᠷ ᠶᠠᠷᠢᠬᠤ ᠳᠠᠳᠬᠠᠯ ᠲᠠᠢ ᠪᠣᠯᠬᠤ ᠶᠢ ᠤᠷᠢᠶᠠᠯᠠᠨ ᠰᠠᠨᠠᠭᠠᠴᠢᠯᠠᠪᠠ᠃ ᠨᠠᠨ ᠵᠢᠶᠤᠤ ᠨᠡᠶᠢᠭᠡᠮ ᠲᠣᠭᠤᠷᠢᠭ ᠤᠨ ᠬᠢᠨ ᠪᠠᠰᠠ ᠨᠡᠶᠢᠭᠡᠮ ᠲᠣᠭᠤᠷᠢᠭ ᠤᠨ ᠠᠵᠢᠯᠲᠠᠳ ᠪᠠ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ  ᠪᠠᠶᠢᠭᠤᠯᠵᠤ ᠬᠠᠷᠢᠶ᠎ᠠ ᠣᠷᠣᠨ ᠤ ᠪᠠᠨ ︽ᠵᠢᠵᠢᠭ ᠬᠤᠭᠤᠯᠠᠨ ᠰᠢᠷᠡᠭᠡ︾ ᠳᠤ ᠬᠦᠨᠵᠡᠬᠡᠶᠢᠷᠡᠨ᠂ ᠬᠡᠦᠬᠡᠳ ᠤᠳ ᠲᠠᠢ ᠬᠠᠮᠳᠤ  ᠵᠢᠷᠤᠭ ᠵᠢᠷᠤᠬᠤ᠂ ᠤᠷᠠᠨ ᠤᠩᠰᠢᠯᠭ᠎ᠠ ᠶᠢᠨ ᠤᠷᠤᠯᠳᠤᠭᠠᠨ ᠬᠢᠬᠦ ᠵᠡᠷᠭᠡ ᠬᠡᠯᠪᠡᠷᠢ ᠪᠠᠷ ︽ᠡᠬᠡ ᠤᠯᠤᠰ ᠤᠨ ᠨᠠᠬᠢᠶ᠎ᠠ ᠴᠤᠮᠤᠷᠯᠢᠭ︾ ᠤᠳ ᠲᠤ ᠵᠤᠷᠢᠭᠤᠯᠤᠭᠰᠠᠨ ᠴᠢᠨᠠᠷᠲᠠᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃  ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠲᠠᠮᠵᠢᠭᠠᠳ᠂  ᠨᠡᠶᠢᠲᠡᠯᠢᠭ ᠬᠡᠯᠡ ᠶᠢ ᠰᠠᠶᠢᠲᠤᠷ ᠰᠤᠷᠴᠤ ᠰᠠᠶᠢᠲᠤᠷ ᠬᠡᠷᠡᠭᠯᠡᠬᠦ ᠶᠢᠨ ᠴᠢᠬᠤᠯᠠ ᠴᠢᠨᠠᠷ ᠤᠨ ᠲᠤᠬᠠᠢ ᠥᠷᠭᠡᠨ ᠤᠯᠠᠨ ᠲᠦᠮᠡᠨ ᠤ ᠲᠠᠨᠢᠯᠲᠠ ᠶᠢ ᠳᠡᠭᠡᠭᠰᠢᠯᠡᠭᠦᠯᠵᠦ᠂ ᠪᠦᠬᠦ ᠠᠷᠠᠳ ᠢᠶᠠᠷ ᠢᠶᠠᠨ ᠨᠡᠶᠢᠲᠡᠯᠢᠭ ᠬᠡᠯᠡ ᠰᠤᠷᠬᠤ᠂ ᠨᠡᠶᠢᠲᠡᠯᠢᠭ ᠬᠡᠯᠡ ᠬᠡᠯᠡᠬᠦ ᠰᠠᠶᠢᠨ ᠰᠠᠶᠢᠬᠠᠨ ᠠᠭᠤᠷ ᠠᠮᠢᠰᠬᠤᠯ ᠢ  ᠤᠯᠠᠮ ᠦᠨᠢᠷ ᠦᠳᠭᠡᠨ ᠪᠤᠯᠭᠠᠭᠰᠠᠨ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号