9 ᠰᠠᠷ᠎ᠠ ᠶᠢᠨ 10 ᠤ ᠡᠳᠦᠷ ᠠᠴᠠ 12 ᠤᠨ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠴᠠᠩᠫᠢᠩ | ᠲᠣᠭᠤᠷᠢᠭ ᠤᠨ ᠪᠧᠢ ᠴᠢ ᠵᠢᠶᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ | ᠰᠢᠤᠸᠠᠢ ᠶᠠᠨ ᠵᠡᠷᠭᠡ ᠬᠦᠮᠦᠰ ᠬᠦᠨᠪᠤᠯᠠᠭ ᠰᠤᠮᠤᠨ ᠳᠤ ᠬᠦᠨᠵᠡᠬᠡᠶᠢᠷᠡᠵᠦ᠂ ᠲᠠᠷᠠᠭᠠᠴᠢ ᠶᠢᠨ ᠠᠯᠬᠤᠮ ᠤᠨ | ᠬᠠᠪᠰᠤᠷᠤᠨ ᠲᠡᠳᠬᠦᠬᠦ ᠠᠵᠢᠯ ᠢ ᠬᠠᠮᠲᠤ ᠪᠠᠷ ᠰᠤᠳᠤᠯᠤᠨ ᠵᠦᠪᠳᠡᠵᠡᠢ᠃ ᠬᠦᠨᠪᠤᠯᠠᠭ ᠰᠤᠮᠤᠨ ᠤ ᠤᠳᠤᠷᠢᠳᠬᠤ ᠪᠠᠭ | ᠤᠨ ᠭᠡᠰᠢᠬᠦᠳ ᠪᠠ ᠬᠡᠰᠡᠭ ᠭᠠᠴᠠᠭᠠᠨ ᠤ ᠨᠠᠮ ᠤᠨ ᠡᠬᠦᠷ ᠤᠨ ᠱᠦᠵᠢ ᠂ ᠭᠠᠴᠠᠭᠠᠨ ᠳᠤ ᠰᠠᠭᠤᠭ᠎ᠠ ᠨᠢᠭᠡᠳᠦᠭᠡᠷ | ᠱᠦᠵᠢ ᠪᠠᠶᠢᠴᠠᠭᠠᠨ ᠰᠤᠳᠤᠯᠬᠤ ᠳᠤ ᠪᠠᠷ᠎ᠠ ᠪᠣᠯᠪᠠ᠃ ᠶᠠᠷᠢᠯᠴᠠᠬᠤ ᠬᠤᠷᠠᠯ ᠳᠡᠭᠡᠷ᠎ᠡ᠂ ᠰᠤᠮᠤᠨ ᠤ ᠨᠠᠮ ᠤᠨ | ᠬᠤᠷᠢᠶᠠᠨ ᠤ ᠱᠦᠵᠢ ᠤᠷᠬᠢᠯ ᠠᠴᠠ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠪᠡᠭᠡᠵᠢᠩ | ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠳᠤᠷᠠᠯᠴᠠᠭᠠᠨ ᠤ ᠲᠦᠷᠦᠯ ᠵᠦᠢᠯ ᠢ ᠥᠷᠨᠢᠭᠦᠯᠦᠭᠰᠡᠨ ᠪᠠᠶᠢᠳᠠᠯ | ᠵᠢᠴᠢ ᠳᠠᠷᠠᠭᠠᠴᠢ ᠶᠢᠨ ᠠᠯᠬᠤᠮ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠬᠠᠷᠢᠭᠤ | ᠮᠡᠳᠡᠭᠦᠯᠦᠯᠲᠡ ᠬᠢᠵᠦ᠂ ᠪᠸᠢ ᠴᠢ ᠵᠢᠶᠠ ᠪᠠᠯᠭᠠᠰᠤᠨ ᠤ ᠣᠶᠢᠷ᠎ᠠ ᠶᠢᠨ ᠵᠢᠯ ᠳᠤ ᠦᠵᠡᠭᠦᠯᠦᠭᠰᠡᠨ ᠬᠠᠪᠰᠤᠷᠤᠯᠭ᠎ᠠ | ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠶᠠᠷᠢᠯᠴᠠᠬᠤ ᠬᠤᠷᠠᠯ ᠤᠨ ᠲᠠᠷᠠᠭ᠎ᠠ᠂ ᠪᠸᠢ ᠴᠢ ᠵᠢᠶᠠ | ᠪᠠᠯᠭᠠᠰᠤ ᠠᠴᠠ ᠬᠦᠨᠪᠤᠯᠠᠭ ᠰᠤᠮᠤ ᠳᠤ 50 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ | ᠬᠠᠨᠳᠢᠪᠯᠡᠭ᠌ᠰᠠᠨ ᠪᠥᠭᠡᠳ ᠡᠨᠡᠬᠦ ᠬᠠᠪᠰᠤᠷᠤᠨ ᠲᠡᠳᠬᠦᠬᠦ ᠪᠡᠯᠡ ᠮᠥᠩᠭᠦ ᠶᠢ ᠮᠠᠯᠵᠢᠬᠤ ᠤᠷᠤᠨ ᠤ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠵᠠᠰᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ | ᠵᠦᠢᠯ ᠳᠤ ᠭᠡᠷᠡᠭᠯᠡᠬᠦ ᠪᠠᠨ ᠢᠯᠡᠳᠭᠡᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ | ᠫᠤᠤᠲ᠋ᠠᠢ ᠶᠢᠩᠽᠢ ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠪᠣᠷᠣᠬᠤᠲᠠ ᠭᠠᠴᠠᠭ᠎ᠠ᠂ | ᠬᠤᠶᠢᠳᠤ ᠸᠠᠶᠤᠤ ᠭᠠᠴᠠᠭ᠎ᠠ᠂ ᠬᠠᠭᠠᠨ ᠤ ᠠᠳᠤᠭᠤᠨ ᠵᠤᠰᠠᠭᠠᠯ ᠵᠢᠭᠤᠯᠴᠢᠯᠠᠯ ᠤᠨ ᠣᠷᠣᠨ᠂ ᠲᠠᠶᠢᠹᠤᠰᠧ | ᠬᠤᠰᠢᠭᠤᠨ ᠤ ᠲᠠᠯ᠎ᠠ ᠨᠤᠲᠤᠭ ᠠᠷᠢᠬᠢ ᠨᠡᠷᠡᠬᠦ ᠺᠣᠮᠫᠠᠨᠢ᠂ ᠥᠪᠥᠷ ᠮᠣᠩᠭᠤᠯ ᠤᠨ ᠮᠧᠩ ᠢ ᠶᠤᠸᠠᠨ ᠢᠳᠡᠭᠡᠨ ᠤ | ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ |