9 ᠰᠠᠷ᠎ᠠ ᠶᠢᠨ 14 ᠤ ᠡᠳᠦᠷ᠂ ᠬᠤᠩ ᠴᠢ ᠪᠠᠯᠭᠠᠰᠤ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠪᠠᠯᠭᠠᠰᠤᠨ ᠳᠠᠷᠤᠭ᠎ᠠ ᠵᠠᠩ | ᠱᠧᠦ ᠴᠢᠶᠠᠩ᠂ ᠳᠡᠳ᠋ ᠪᠠᠯᠭᠠᠰᠤᠨ ᠳᠠᠷᠤᠭ᠎ᠠ ᠵᠢᠶᠠ ᠶᠠᠨ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ | ᠳᠠᠷᠤᠭ᠎ᠠ ᠵᠠᠩ ᠯᠢ ᠵᠢᠶᠦ᠋ᠨ ᠵᠢᠴᠢ ᠡᠯ᠎ᠡ ᠲᠣᠰᠬᠤᠨ ᠤ ᠱᠦᠵᠢ ᠪᠠ ᠣᠶ ᠬᠠᠮᠠᠭᠠᠯᠠᠬᠤ ᠠᠵᠢᠯᠳᠠᠨ ᠬᠤᠷᠠᠯ ᠳᠤ | ᠣᠷᠣᠯᠴᠠᠵᠠᠢ᠃ ᠬᠤᠷᠠᠯ ᠲᠡᠭᠡᠷ᠎ᠡ ︽ᠲᠠᠶᠢᠹᠤᠰᠧ ᠬᠤᠰᠢᠭᠤᠨ ᠤ 2023 ᠣᠨ ᠤ ᠨᠠᠮᠤᠷ ᠤᠨ ᠤᠯᠠᠷᠢᠯ ᠤᠨ ᠣᠶ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠤ ᠭᠠᠯ ᠰᠡᠷᠭᠡᠶᠢᠯᠡᠬᠦ ᠠᠵᠢᠯ ᠤᠨ ᠠᠯᠪᠠᠨ ᠵᠠᠷᠯᠠᠯ︾ | ᠢ ᠤᠯᠠᠮᠵᠢᠯᠠᠵᠤ᠂ ᠲᠤᠰ ᠪᠠᠯᠭᠠᠰᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ | ᠤᠨᠲᠠᠷᠠᠭᠠᠬᠤ ᠠᠵᠢᠯ ᠳᠤ ᠪᠠᠶᠢᠷᠢᠯᠠᠭᠤᠯᠤᠯᠳᠠ ᠬᠢᠪᠡ᠃ ᠬᠤᠷᠠᠯ ᠠᠴᠠ᠂ ᠤᠯᠤᠰ ᠲᠦᠷᠦ ᠶᠢᠨ ᠤᠬᠠᠮᠰᠠᠷ᠂ ᠶᠡᠭᠡ | ᠲᠠᠯ᠎ᠠ ᠶᠢᠨ ᠤᠬᠠᠮᠰᠠᠷ ᠪᠣᠯᠣᠨ ᠰᠠᠨᠠᠭᠠᠰᠢᠷᠠᠯ ᠤᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠯᠮᠠᠶᠢᠷᠠᠵᠤ | ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ | 2023 ᠣᠨ ᠤ ᠨᠠᠮᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠦᠨᠳᠦ ᠶᠡᠭᠡ ᠭᠠᠯ ᠤᠨ ᠠᠶᠤᠯ ᠡᠭᠦᠰᠬᠦ ᠶᠢ ᠡᠷᠡᠰ ᠰᠡᠷᠭᠡᠶᠢᠯᠡᠨ | ᠬᠤᠷᠢᠭᠯᠠᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ | ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠤᠷᠢᠭ᠎ᠠ ᠱᠤᠭᠤᠮ ᠤᠨ ᠰᠡᠳᠬᠢᠬᠦᠢ᠂ | ᠲᠦᠭᠰᠢᠭᠦᠷᠢ ᠶᠢᠨ ᠦᠵᠡᠯ ᠤᠬᠠᠮᠰᠠᠷ ᠢ ᠪᠣᠶ ᠪᠤᠯᠭᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ | ᠰᠡᠷᠭᠡᠶᠢᠯᠡᠬᠦ ᠬᠡᠷᠡᠭᠲᠡᠢ᠃ ᠡᠷᠦᠬᠡ ᠪᠠᠷ ᠨᠢᠭᠡᠴᠢ ᠪᠣᠯᠭᠠᠨ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ | ᠪᠠᠶᠢᠭᠠᠳ ᠥᠪᠡᠷ ᠤᠨ ᠪᠠᠶᠢᠴᠠᠭᠠᠯᠲᠠ ᠬᠢᠯᠭᠡᠵᠦ᠂ ᠭᠤᠣᠯᠳᠠᠭᠤ ᠴᠠᠬᠢᠯᠭᠠᠨ ᠤᠳᠠᠰᠤ᠂ ᠴᠠᠬᠢᠯᠭᠠᠨ ᠬᠡᠮᠵᠢᠭᠦᠷ᠂ | ᠡᠪᠡᠰᠦ ᠪᠣᠷᠳᠣᠭᠠᠨ ᠤ ᠫᠧᠩ ᠵᠡᠷᠭᠡ ᠶᠢ ᠨᠢᠮᠪᠠᠢ ᠪᠠᠶᠢᠴᠠᠭᠠᠨ᠂ ᠴᠠᠬᠢᠯᠭᠠᠨ ᠠᠴᠠ ᠪᠤᠯᠬᠤ ᠭᠠᠯ ᠤᠨ ᠠᠶᠤᠯ ᠢ | ᠰᠡᠷᠭᠡᠶᠢᠯᠡᠬᠦ ᠬᠡᠷᠡᠭᠲᠡᠢ᠃ 24 ᠴᠠᠭ ᠤᠨ ᠵᠢᠵᠢᠬᠦᠷ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠠᠭ ᠲᠤᠨᠢ | ᠲᠣᠬᠢᠷᠠᠭᠤᠯᠬᠤ᠂ ᠲᠦᠷᠭᠡᠨ ᠮᠡᠳᠡᠭᠦᠯᠬᠦ᠂ ᠵᠣᠬᠢᠰᠲᠠᠢ ᠰᠢᠢᠳᠪᠦᠷᠢᠯᠡᠬᠦ ᠶᠢ ᠪᠠᠲᠤᠯᠠᠵᠤ᠂ ᠮᠡᠳᠡᠬᠦᠯᠦᠯᠳᠡ | ᠤᠳᠠᠭᠠᠰᠢᠷᠠᠬᠤ᠂ ᠨᠢᠭᠤᠵᠤ ᠲᠠᠷᠤᠬᠤ᠂ ᠬᠤᠳᠠᠯ ᠬᠠᠭᠤᠷᠮᠠᠭ ᠢᠶᠠᠷ ᠮᠡᠳᠡᠭᠦᠯᠬᠦ ᠵᠡᠷᠭᠡ ᠦᠵᠡᠭᠳᠡᠯ ᠢ ᠡᠷᠡᠰ | ᠬᠤᠷᠢᠭᠯᠠᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠰᠡᠷᠡᠮᠵᠢ ᠶᠢᠨ ᠬᠥᠮᠦᠵᠢᠯ᠂ ᠭᠠᠯ | ᠰᠡᠷᠭᠡᠶᠢᠯᠡᠵᠦ ᠭᠠᠯ ᠤᠨᠲᠠᠷᠠᠭᠠᠬᠤ ᠶᠡᠷᠦ ᠶᠢᠨ ᠮᠡᠳᠡᠯᠭᠡ ᠪᠠ ᠠᠶᠤᠯ ᠠᠴᠠ ᠵᠠᠶᠢᠯᠠᠬᠤ ᠠᠷᠭ᠎ᠠ ᠲᠤᠷᠰᠢᠯᠭ᠎ᠠ ᠶᠢᠨ | ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠸᠢᠴᠠᠲ ᠤᠨ ᠴᠤᠭᠯᠠᠷᠠᠯ᠂ ᠤᠷᠢᠶ᠎ᠠ ᠤᠶᠠᠩᠭ᠎ᠠ᠂ ᠷᠠᠳᠢᠣ᠋ | ᠨᠡᠪᠲᠡᠷᠡᠭᠦᠯᠭᠡ ᠵᠡᠷᠭᠡ ᠶᠢ ᠠᠰᠢᠭᠯᠠᠨ ᠤᠬᠠᠭᠤᠯᠭ᠎ᠠ ᠬᠢᠵᠦ᠂ ᠪᠥᠬᠦ ᠠᠷᠠᠳ ᠢᠶᠠᠷ ᠢᠶᠠᠨ ᠳᠠᠶᠢᠴᠢᠯᠠᠬᠤ᠂ ᠪᠥᠬᠦ | ᠠᠷᠠᠳ ᠢᠶᠠᠷ ᠢᠶᠠᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠭᠠᠯ | ᠰᠡᠷᠭᠡᠶᠢᠯᠡᠬᠦ ᠡᠳ᠋ ᠪᠣᠳᠠᠰ ᠤᠨ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠪᠣᠳᠠᠰ ᠤᠨ ᠪᠡᠯᠡᠳᠬᠡᠯ | ᠢ ᠪᠦᠷᠢᠨ ᠲᠡᠬᠦᠯᠳᠡᠷ ᠪᠠᠶᠢᠯᠭᠠᠨ᠂ ᠵᠠᠩᠭᠢᠯᠠᠭ᠎ᠠ ᠶᠢᠨ ᠦᠶ᠎ᠡ ᠳᠤ ᠬᠡᠷᠡᠭᠯᠡᠵᠦ ᠳᠡᠶᠢᠯᠬᠦ᠂ ᠤᠨᠲᠠᠷᠠᠭᠠᠵᠤ ᠳᠡᠶᠢᠯᠬᠦ ᠶᠢ | ᠪᠠᠳᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ |