ᠬᠠᠷᠢᠶ᠎ᠠ ᠣᠷᠣᠨ ᠤ ᠪᠠᠨ ᠠᠷᠠᠳ ᠣᠯᠠᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠥᠮᠦᠵᠢᠯ ᠢ | ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠂ ᠣᠶ | ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠪᠦᠳᠦᠮᠵᠢᠳᠡᠢ ᠰᠡᠷᠭᠡᠶᠢᠯᠡᠬᠦ ᠶᠢᠨ ᠲᠥᠯᠥᠭᠡ᠂ 9 ᠰᠠᠷ᠎ᠠ ᠶᠢᠨ | 15 ᠤ ᠡᠳᠦᠷ ᠲᠠᠶᠢᠹᠤᠰᠧ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠨᠢ ᠤᠣ ᠱᠧᠩ ᠳ᠋ᠡ | ᠲᠠᠯᠠᠪᠠᠶ ᠳᠤ 2023 ᠣᠨ ᠤ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠳᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠳᠠᠭᠤᠨ | ᠳᠠᠪᠲᠠᠮᠵᠢ ᠲᠠᠯᠪᠢᠬᠤ᠂ ᠠᠰᠠᠭᠤᠨ ᠯᠠᠪᠯᠠᠬᠤ ᠲᠠᠪᠴᠠᠩ ᠭᠠᠷᠭᠠᠬᠤ ᠠᠷᠭ᠎ᠠ ᠬᠡᠯᠪᠡᠷᠢ ᠪᠠᠷ ᠢᠷᠡᠵᠦ ᠶᠠᠪᠤᠬᠤ ᠣᠯᠠᠨ | ᠲᠦᠮᠡᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾᠂ ︽ᠣᠶ | ᠰᠢᠭᠤᠢ ᠶᠢᠨ ᠭᠠᠯ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠲᠦᠷᠢᠮ ᠬᠢᠭᠡᠳ ᠭᠠᠯ ᠲᠦᠢᠮᠡᠷ | ᠢ ᠰᠡᠷᠭᠡᠶᠢᠯᠡᠵᠦ ᠡᠬᠢ ᠪᠠᠶᠠᠯᠢᠭ ᠢ ᠬᠠᠮᠠᠭᠠᠯᠠᠬᠤ ᠦᠨᠳᠦᠰᠦᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠨᠡᠩ | ᠤᠯᠠᠨ ᠬᠥᠮᠥᠰ ᠤᠨ ᠭᠠᠯ ᠰᠡᠷᠭᠡᠶᠢᠯᠡᠬᠦ ᠠᠵᠢᠯ ᠳᠤ ᠤᠷᠤᠯᠴᠠᠨ᠂ ᠭᠠᠯ ᠲᠦᠢᠮᠡᠷ ᠢ ᠴᠢᠩᠭ᠎ᠠ ᠰᠡᠷᠭᠡᠶᠢᠯᠡᠵᠦ᠂ | ᠪᠣᠬᠢᠷᠲᠤᠯ ᠦᠭᠡᠢ ᠰᠠᠶᠢᠬᠠᠨ ᠠᠮᠢ ᠠᠬᠤᠢ ᠶᠢᠨ ᠭᠡᠷ ᠣᠷᠣᠨ ᠢᠶᠠᠨ ᠬᠠᠮᠲᠤᠪᠠᠷ ᠬᠠᠮᠠᠭᠠᠯᠠᠬᠤ ᠶᠢ ᠤᠷᠢᠶᠠᠯᠠᠨ | ᠲᠠᠶᠢᠴᠢᠯᠠᠵᠠᠢ᠃ ᠠᠵᠢᠯᠯᠠᠭᠠᠨ ᠤ ᠬᠤᠭᠤᠴᠠᠭᠠᠨ ᠳᠤ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ | ᠥᠩᠭᠡᠲᠦ ᠬᠠᠭᠤᠳᠠᠰᠤ᠂ ᠭᠠᠷ ᠤᠭᠤᠲᠠ᠂ ᠬᠤᠷᠮᠣᠶᠢᠪᠴᠢ ᠵᠡᠷᠭᠡ ᠤᠬᠠᠭᠤᠯᠭ᠎ᠠ ᠶᠢᠨ ᠡᠳ᠋ ᠪᠣᠳᠠᠰ ᠢ ᠨᠡᠶᠢᠲᠡ | 600 ᠭᠠᠷᠤᠢ ᠬᠤᠪᠢ ᠲᠠᠷᠬᠠᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠠᠶᠢᠹᠤᠰᠧ ᠬᠤᠰᠢᠭᠤᠨ ᠤ | ᠬᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠭᠦᠨᠵᠡᠭᠡᠢ | ᠥᠷᠨᠢᠭᠦᠯᠵᠦ᠂ ᠣᠯᠠᠨ ᠲᠦᠮᠡᠨ ᠤ ᠭᠠᠯ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠂ ᠭᠠᠯ ᠰᠡᠷᠭᠡᠶᠢᠯᠡᠬᠦ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠤᠨ ᠨᠡᠶᠢᠳᠡᠮ ᠪᠦᠷᠬᠦᠬᠦ ᠶᠢ | ᠪᠠᠳᠤᠯᠠᠬᠤ ᠪᠠᠷ ᠪᠠᠶᠢᠨ᠎ᠠ᠃ |