ᠲᠠᠶᠢᠹᠤᠰᠧ ᠬᠤᠰᠢᠭᠤ ᠡᠮᠨᠡᠯᠭᠡ ᠶᠢᠨ ᠳᠠᠭᠠᠳᠬᠠᠯ ᠤᠨ ᠤᠬᠠᠭᠤᠯᠭ᠎ᠠ ᠪᠠ ᠦᠢᠯᠡᠴᠢᠯᠡᠭᠡ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2023/9/19
  9 ᠰᠠᠷ᠎ᠠ ᠶᠢᠨ 16 ᠤ ᠡᠳᠦᠷ᠂ ᠲᠠᠶᠢᠹᠤᠰᠧ ᠬᠤᠰᠢᠭᠤᠨ ᠤ ︽ᠡᠮᠨᠡᠯᠭᠡ ᠶᠢᠨ ᠳᠠᠭᠠᠳᠬᠠᠯ ᠳᠤ  ᠪᠦᠬᠦ ᠠᠷᠠᠳ  ᠢᠶᠠᠷ ᠢᠶᠠᠨ ᠤᠷᠤᠯᠴᠠᠵᠤ   ᠡᠮᠨᠡᠯᠬᠡ ᠶᠢᠨ ᠲᠠᠭᠠᠳᠬᠠᠯ ᠢᠶᠠᠷ ᠡᠷᠡᠬᠦᠯ ᠮᠡᠨᠳᠦ ᠪᠠᠨ ᠪᠠᠳᠤᠯᠠᠶ᠎ᠠ︾  — ᠦᠨᠳᠦᠰᠦᠨ  ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠲᠥᠪᠯᠡᠷᠡᠭᠦᠯᠦᠨ ᠤᠬᠠᠭᠤᠯᠬᠤ ᠵᠢᠴᠢ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ  ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ  ᠦᠢᠯᠡᠴᠢᠯᠡᠭᠡ ᠶᠢ ︽ᠵᠢᠷᠭᠤᠭ᠎ᠠ ᠶᠢ ᠣᠷᠣᠭᠤᠯᠬᠤ︾ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠶᠠᠪᠤᠭᠳᠠᠵᠤ᠂  ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠪᠥᠬᠦ ᠬᠤᠰᠢᠭᠤᠨ ᠤ 109 ᠡᠮ ᠡᠮᠨᠡᠯᠭᠡ ᠶᠢᠨ ᠪᠠᠶᠢᠭᠤᠯᠤᠮᠵᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃  ᠠᠬᠤᠢ ᠲᠠᠯᠠᠪᠠᠶ ᠳᠤ᠂ ᠤᠬᠠᠭᠤᠯᠭ᠎ᠠ ᠶᠢᠨ ᠰᠠᠮᠪᠠᠷ᠎ᠠ ᠪᠤᠰᠬᠠᠬᠤ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ  ᠪᠠᠷ ᠨᠠᠰᠢ ᠴᠠᠰᠢ  ᠶᠠᠪᠤᠵᠤ ᠢᠷᠡᠬᠦ ᠣᠯᠠᠨ ᠲᠦᠮᠡᠨ ᠳᠤ ᠳᠠᠭᠠᠳᠬᠠᠯ ᠳᠤ ᠤᠷᠤᠯᠴᠠᠬᠤ ᠶᠠᠪᠤᠴᠠ᠂ ᠰᠦᠢᠳᠬᠡᠯ ᠲᠤᠰᠢᠶᠠᠬᠤ ᠴᠠᠭ᠂ ᠰᠦᠢᠳᠬᠡᠯ ᠲᠤᠰᠢᠶᠠᠬᠤ ᠪᠠᠷᠢᠮᠵᠢᠶ᠎ᠠ᠂ ᠰᠦᠢᠳᠬᠡᠯ ᠲᠤᠰᠢᠶᠠᠬᠤ ᠠᠷᠭ᠎ᠠ ᠮᠠᠶ᠋ᠢᠭ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠵᠡᠷᠭᠡ ᠶᠢ ᠨᠠᠷᠢᠨ   ᠲᠠᠶᠢᠯᠪᠤᠷᠢᠯᠠᠬᠤ ᠶᠢᠨ ᠬᠠᠮᠲᠤ᠂  ᠣᠯᠠᠨ ᠲᠦᠮᠡᠨ ᠤ ᠠᠩᠬᠠᠷᠴᠤ ᠪᠠᠶᠢᠭ᠎ᠠ ᠡᠭᠦᠳᠡᠨ ᠡᠮᠨᠡᠯᠭᠡ ᠶᠢᠨ ᠦᠢᠯᠡᠴᠢᠯᠡᠭᠡᠨ ᠤ ᠵᠦᠢᠯᠡᠰ ᠤᠨ ᠲᠤᠬᠠᠢ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠂ ᠣᠯᠠᠨ ᠲᠦᠮᠡᠨ ᠤ ᠡᠮᠨᠡᠯᠭᠡ ᠶᠢᠨ ᠳᠠᠭᠠᠳᠬᠠᠯ ᠤᠨ ᠺᠣᠳ᠋ ︵ᠡᠯᠧᠺᠲᠷᠣᠨ ᠭᠡᠷᠡᠴᠢ ᠪᠠᠷᠢᠮᠲᠠ︶ ᠶᠢ ᠲᠤᠬᠠᠢ ᠶᠢᠨ ᠲᠠᠯᠠᠪᠠᠢ ᠳᠤ ᠠᠮᠢᠯᠠᠭᠤᠯᠵᠤ ᠥᠭᠭᠦᠭᠰᠡᠨ ᠪᠠᠶᠢᠨ᠎ᠠ᠃ ᠠᠬᠤᠢ ᠲᠠᠯᠠᠪᠠᠢ ᠳᠤ ᠪᠠᠰᠠ ᠠᠯᠪᠠᠨ ᠵᠢᠷᠤᠮ ᠤᠨ ᠦᠢᠯᠡᠴᠢᠯᠡᠭᠡᠨ ᠤ ᠲᠣᠭᠤᠷᠢᠭ ᠭᠠᠷᠭᠠᠵᠤ᠂ ᠲᠤᠬᠠᠢ ᠶᠢᠨ ᠲᠠᠯᠠᠪᠤᠷ ᠲᠤ ᠠᠰᠠᠭᠤᠨ ᠣᠨᠣᠰᠢᠯᠠᠬᠤ᠂ ᠴᠢᠰᠤᠨ ᠳᠠᠷᠤᠯᠲᠠ ᠬᠡᠮᠵᠢᠬᠦ᠂ ᠤᠳᠠᠭᠠᠨ ᠴᠢᠨᠠᠷᠲᠠᠢ ᠡᠪᠡᠳᠴᠢᠨ ᠢ ᠠᠰᠠᠭᠤᠨ ᠯᠠᠪᠯᠠᠬᠤ ᠵᠡᠷᠭᠡ ᠲᠤᠰᠬᠠᠢ ᠡᠮᠴᠢᠯᠡᠭᠡᠨ ᠤ ᠦᠢᠯᠡᠴᠢᠯᠡᠭᠡ ᠲᠤᠬᠢᠷᠠᠭᠤᠯᠵᠠᠢ᠃ ᠣᠶᠢᠯᠠᠭᠠᠭᠰᠠᠨ ᠢᠶᠠᠷ᠂ ᠡᠨᠡ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 1000 ᠭᠠᠷᠤᠢ ᠬᠤᠪᠢ ᠲᠠᠷᠬᠠᠭᠠᠵᠤ᠂ 100 ᠭᠠᠷᠤᠢ ᠬᠥᠮᠥᠨ ᠢ ᠵᠢᠭᠠᠨ ᠵᠢᠯᠤᠭᠤᠳᠴᠤ ᠪᠠᠶᠢᠭᠠᠳ ᠲᠠᠭᠠᠳᠬᠠᠯ ᠤᠨ ᠰᠦᠢᠳᠬᠡᠯ ᠢ ᠲᠤᠰᠢᠶᠠᠯᠭᠠᠭᠰᠠᠨ ᠪᠦᠭᠡᠳ 300 ᠭᠠᠷᠤᠢ ᠬᠦᠮᠦᠨ ᠢ ᠬᠠᠪᠰᠤᠷᠤᠨ ᠡᠮᠨᠡᠯᠭᠡ ᠶᠢᠨ ᠳᠠᠭᠠᠳᠬᠠᠯ ᠤᠨ ᠺᠤᠳ᠋ ᠢ ᠨᠢ ᠢᠳᠡᠪᠬᠢᠵᠢᠭᠦᠯᠵᠦ᠂ 200 ᠭᠠᠷᠤᠢ ᠬᠥᠮᠥᠨ ᠤ ᠠᠰᠠᠭᠤᠵᠤ ᠯᠠᠪᠯᠠᠭᠰᠠᠨ ᠵᠦᠢᠯ ᠳᠤ ᠨᠠᠷᠢᠨ ᠨᠢᠮᠪᠠᠢ ᠬᠠᠷᠢᠭᠤᠯᠳᠠ ᠦᠭᠬᠦᠭᠰᠡᠨ ᠪᠠᠶᠢᠨ᠎ᠠ᠃   ᠳᠠᠷᠠᠭᠠᠴᠢ   ᠶᠢᠨ ᠠᠯᠬᠤᠮ ᠳᠤ᠂  ᠲᠠᠶᠢᠹᠤᠰᠧ ᠬᠤᠰᠢᠭᠤᠨ ᠤ ᠬᠢᠨ ︽ᠡᠮᠨᠡᠯᠭᠡ ᠶᠢᠨ ᠳᠠᠭᠠᠳᠬᠠᠯ ᠳᠤ  ᠪᠦᠬᠦ ᠠᠷᠠᠳ ᠢᠶᠠᠷ ᠢᠶᠠᠨ ᠤᠷᠤᠯᠴᠠᠵᠤ   ᠡᠮᠨᠡᠯᠬᠡ ᠶᠢᠨ ᠲᠠᠭᠠᠳᠬᠠᠯ ᠢᠶᠠᠷ ᠡᠷᠡᠬᠦᠯ ᠮᠡᠨᠳᠦ ᠪᠠᠨ ᠪᠠᠳᠤᠯᠠᠶ᠎ᠠ︾  — ᠤᠬᠠᠭᠤᠯᠭ᠎ᠠ   ᠶᠢᠨ ᠭᠤᠣᠯ ᠰᠡᠳᠦᠪ ᠤᠨ ᠲᠣᠭᠤᠷᠢᠨ ᠳᠤ᠂ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠪᠠᠶᠢᠭᠤᠯᠭ᠎ᠠ ᠨᠢᠬᠡᠴᠡ᠂ ᠠᠵᠤ ᠠᠬᠤᠶᠢᠯᠠᠯ᠂ ᠨᠡᠶᠢᠭᠡᠮ ᠲᠣᠭᠤᠷᠢᠭ᠂  ᠲᠤᠮᠳᠠᠳᠤ ᠪᠠᠭ᠎ᠠ ᠰᠤᠷᠭᠠᠭᠤᠯᠢ᠂ ᠮᠠᠯᠵᠢᠬᠤ ᠲᠠᠷᠢᠶᠠᠯᠠᠬᠤ ᠣᠷᠣᠨ᠂ ᠡᠮ ᠡᠮᠨᠡᠯᠭᠡ ᠶᠢᠨ ᠪᠠᠶᠢᠭᠤᠯᠤᠮᠵᠢ ᠵᠡᠷᠭᠡ  ︽ᠵᠢᠷᠭᠤᠭ᠎ᠠ ᠳᠤ ᠤᠷᠤᠭᠤᠯᠵᠤ︾  ᠂  ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ  ᠠᠰᠢᠭᠯᠠᠨ᠂  ᠲᠠᠭᠠᠳᠬᠠᠯ ᠳᠤ ᠤᠷᠤᠯᠴᠠᠵᠤ ᠰᠦᠢᠳᠬᠡᠯ ᠲᠤᠰᠢᠶᠠᠬᠤ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠳᠡᠭᠡᠬᠦ ᠪᠠ ᠭᠠᠷᠲᠠᠨ ᠭᠦᠢᠴᠡᠳᠬᠡᠬᠦ ᠦᠢᠯᠡᠴᠢᠯᠡᠭᠡ  ᠬᠠᠩᠭᠠᠬᠤ  ᠲᠤᠬᠠᠢ ᠪᠥᠬᠦ ᠲᠠᠯ᠎ᠠ ᠶᠢᠨ ᠤᠬᠠᠭᠤᠯᠭ᠎ᠠ ᠬᠢᠵᠦ᠂ ᠡᠯ᠎ᠡ ᠲᠦᠷᠦᠯ  ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠪᠤᠳᠠᠳᠠᠶᠢᠵᠢᠨ ᠨᠠᠶᠢᠳᠠᠪᠤᠷᠢᠵᠢᠬᠤ ᠶᠢ ᠲᠠᠰᠤᠷᠠᠯᠲᠠ ᠦᠭᠡᠢ ᠠᠬᠢᠭᠤᠯᠬᠤ ᠪᠤᠯᠤᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号