ᠲᠠᠶᠢᠹᠤᠰᠧ ᠬᠤᠰᠢᠭᠤ ᠨᠡᠶᠢᠲᠡᠯᠢᠭ ᠬᠡᠯᠡ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2023/9/19
   ᠪᠦᠬᠦ ᠬᠤᠰᠢᠭᠤᠨ ᠤ ᠦᠭᠡ ᠬᠡᠯᠡ ᠦᠰᠦᠭ ᠪᠢᠴᠢᠭ ᠤᠨ ᠲᠦᠷᠢᠮᠵᠢᠯᠳᠡ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠵᠡᠭᠦᠯᠬᠦ ᠦᠭᠡ ᠬᠡᠯᠡ ᠦᠰᠦᠭ ᠪᠢᠴᠢᠭ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ  ᠶᠢᠨ ᠲᠦᠯᠦᠭᠡ᠂  ᠣᠶᠢᠷ᠎ᠠ ᠳᠤ ᠲᠠᠶᠢᠹᠤᠰᠧ ᠬᠤᠰᠢᠭᠤᠨ ᠤ ᠬᠢᠨ ︽ᠨᠡᠶᠢᠲᠡᠯᠢᠭ ᠬᠡᠯᠡ ᠶᠢ ᠲᠦᠭᠡᠮᠡᠯᠵᠢᠭᠦᠯᠵᠦ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠶ᠎ᠠ︾ — 26 ᠳ᠋ᠤᠭᠠᠷ ᠬᠤᠭᠤᠴᠠᠭᠠᠨ ᠤ ᠨᠡᠶᠢᠳᠡᠯᠢᠭ ᠬᠡᠯᠡ ᠲᠦᠭᠡᠮᠡᠯᠵᠢᠭᠦᠯᠬᠦ ᠰᠢᠷᠢᠰ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠨᠡᠶᠢᠲᠡᠯᠢᠭ ᠬᠡᠯᠡ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠂ ᠠᠷᠠᠳ ᠤᠯᠠᠨ ᠤ ᠰᠣᠶᠣᠯ ᠤᠨ ᠢᠲᠡᠭᠡᠯ ᠢ ᠨᠡᠮᠡᠭᠳᠡᠬᠦᠯᠵᠦ ᠪᠠᠶᠢᠨ᠎ᠠ᠃  ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠭᠤᠣᠯ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠂ ᠣᠯᠠᠨ ᠨᠡᠶᠢᠲᠡ ᠶᠢᠨ ᠲᠠᠯᠠᠪᠤᠷ ᠢᠶᠠᠷ ᠰᠠᠭᠤᠷᠢᠨ ᠭᠠᠵᠠᠷ ᠪᠤᠯᠭᠠᠵᠤ᠂  ᠵᠠᠷᠯᠠᠯ ᠨᠠᠭᠠᠬᠤ᠂  ᠪᠢᠴᠢᠭᠡᠰᠦ ᠡᠯᠬᠦᠬᠦ ᠪᠠ  LED ᠳᠡᠯᠭᠡᠴᠡ ᠶᠢ ᠠᠰᠢᠭᠯᠠᠬᠤ ᠭᠡᠯᠪᠡᠷᠢ ᠪᠠᠷ ᠨᠡᠶᠢᠳᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠭᠰᠡᠨ ᠪᠤᠯ ᠂  ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠤᠷᠠᠨ ᠤᠩᠰᠢᠯᠭ᠎ᠠ᠂ ᠤᠷᠠᠨ ᠪᠢᠴᠢᠯᠭᠡ ᠶᠢᠨ ᠤᠷᠤᠯᠳᠤᠭᠠᠨ᠂ ᠭᠤᠣᠯ ᠰᠡᠳᠦᠪᠲᠦ ᠠᠩᠭᠢ ᠶᠢᠨ ᠬᠤᠷᠠᠯ᠂ ᠤᠯᠤᠰ ᠤᠨ ᠲᠤᠭ ᠤᠨ ᠳᠣᠣᠷ᠎ᠠ ᠶᠠᠷᠢᠶ᠎ᠠ ᠢᠯᠡᠳᠬᠡᠯ ᠬᠢᠬᠦ᠂  ︽ᠭᠠᠷ ᠭᠠᠷ ᠢᠶᠠᠨ ᠬᠥᠲᠥᠯᠥᠯᠴᠡᠬᠦ︾᠂  ᠦᠰᠦᠭ ᠤᠨ ᠠᠯᠳᠠᠭ᠎ᠠ ᠵᠠᠯᠠᠷᠠᠭᠤᠯᠬᠤ᠂  ᠬᠠᠨ᠎ᠠ ᠶᠢᠨ ᠰᠤᠨᠢᠨ ᠬᠢᠵᠦ ᠠᠳᠠᠯᠢᠳᠬᠠᠬᠤ᠂  ᠬᠡᠷ  ᠤᠨ ᠠᠬᠠᠮᠠᠳ ᠲᠠᠢ ᠪᠠᠨ ᠬᠠᠮᠳᠤ ᠤᠩᠰᠢᠬᠤ᠂ ᠷᠠᠳᠢᠣ᠋ ᠨᠡᠪᠲᠡᠷᠡᠭᠦᠯᠭᠡ ᠲᠡᠭᠡᠷ᠎ᠡ ᠡᠷᠳᠡᠮ ᠢᠶᠠᠨ ᠬᠠᠷᠠᠭᠤᠯᠬᠤ ᠵᠡᠷᠭᠡ ᠤᠯᠠᠨ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠦ᠂ ᠨᠡᠶᠢᠲᠡᠯᠢᠭ ᠬᠡᠯᠡ ᠪᠠᠷ ᠶᠠᠷᠢᠬᠤ᠂ ᠳᠦᠷᠢᠮᠵᠢᠭᠰᠡᠨ ᠦᠰᠦᠭ ᠪᠢᠴᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ  ᠪᠤᠯᠭᠠᠵᠠᠢ᠃   ᠬᠤᠰᠢᠭᠤᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠤᠨ ᠡᠯ᠎ᠡ ᠭᠡᠰᠢᠬᠦᠨ ᠨᠢᠭᠡᠴᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠢᠱᠢᠶ᠎ᠡ ᠦᠵᠡᠭᠦᠯᠵᠦ ᠲᠠᠶᠢᠴᠢᠯᠠᠨ ᠲᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠪᠡᠷ ᠥᠪᠡᠷ ᠤᠨ ᠣᠨᠴᠠᠯᠢᠭ ᠲᠠᠢ ︽ᠰᠤᠷᠭᠠᠭᠤᠯᠢ ᠶᠢᠨ ᠬᠦᠷᠢᠶᠡᠨ ᠳᠤ ᠣᠷᠣᠬᠤ᠂ ᠪᠠᠶᠢᠭᠤᠯᠭ᠎ᠠ ᠨᠢᠬᠡᠴᠡ ᠳᠤ ᠣᠷᠣᠬᠤ᠂ ᠠᠵᠤ ᠠᠬᠤᠶᠢᠯᠠᠯ ᠳᠤ ᠣᠷᠣᠬᠤ︾ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠬᠥᠲᠥᠯᠥᠨ ᠵᠢᠯᠤᠭᠤᠳᠴᠤ ᠪᠠᠶᠢᠭᠠᠳ  ᠨᠡᠶᠢᠳᠡᠯᠢᠭ ᠭᠡᠯᠡ ᠶᠢ ᠲᠦᠭᠡᠮᠡᠯᠵᠢᠭᠦᠯᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠳᠤ ᠬᠦᠴᠦᠨ ᠨᠡᠮᠡᠷᠢᠯᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠰᠠᠶᠢᠨ ᠰᠠᠶᠢᠬᠠᠨ ᠦᠭᠡ ᠬᠡᠯᠡᠨ ᠤ ᠰᠠᠭᠤᠷᠢ ᠶᠢ ᠲᠠᠯᠪᠢᠭᠰᠠᠨ ᠪᠠᠶᠢᠨ᠎ᠠ᠃ ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠪᠠᠶᠢᠭᠤᠯᠵᠤ᠂  ᠬᠠᠷᠢᠶ᠎ᠠ ᠣᠷᠣᠨ ᠤ ᠪᠠᠨ ᠵᠡᠭᠡᠯᠢ ᠭᠤᠳᠤᠮᠵᠢ᠂ ᠭᠠᠴᠠᠭ᠎ᠠ ᠲᠣᠰᠬᠤᠨ ᠳᠤ ᠭᠦᠨᠵᠡᠭᠡᠶᠢᠷᠡᠨ᠂ ᠲᠦᠷᠢᠮᠵᠢᠬᠦᠨ ᠪᠣᠯᠪᠠᠰᠤᠨ ᠦᠬᠡ ᠬᠡᠯᠡ  ᠦᠰᠦᠭ ᠪᠢᠴᠢᠭ ᠤᠨ ᠲᠤᠬᠠᠢ ᠪᠠᠶᠢᠴᠠᠭᠠᠯᠳᠠ ᠬᠢᠵᠦ᠂ ᠠᠵᠢᠯᠯᠠᠬᠤ ᠲᠠᠯᠠᠪᠤᠷ  ᠵᠢᠴᠢ  ᠵᠠᠷ ᠮᠡᠳᠡᠭᠡ᠂ ᠤᠬᠠᠭᠤᠯᠭ᠎ᠠ ᠶᠢᠨ ᠢᠯᠡᠷᠭᠡᠶᠢᠯᠡᠯ᠂ ᠳᠡᠯᠭᠡᠭᠦᠷ ᠤᠨ ᠫᠠᠶᠢᠰᠠ᠂ ᠬᠥᠨᠳᠡᠯᠡᠨ ᠪᠢᠴᠢᠭᠡᠰᠦ᠂ ᠦᠵᠡᠭᠦᠯᠦᠯᠭᠡ ᠶᠢᠨ ᠰᠠᠮᠪᠠᠷ᠎ᠠ ᠵᠡᠷᠭᠡ ᠳᠤ ᠢᠯᠡᠷᠡᠭᠰᠡᠨ ᠲᠠᠰᠢᠶ᠎ᠠ  ᠪᠤᠷᠤᠭᠤ ᠥᠰᠥᠭ ᠢ ᠨᠢᠭᠡᠳ ᠨᠢᠭᠡ ᠪᠠᠷ ᠪᠠᠶᠢᠴᠠᠭᠠᠨ ᠵᠠᠯᠠᠷᠠᠭᠤᠯᠪᠠ  ᠃  ᠡᠨᠡ ᠤᠳᠠᠭᠠᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠪᠠᠷ ᠲᠠᠮᠵᠢᠭᠠᠳ᠂ ᠪᠥᠬᠦ ᠬᠤᠰᠢᠭᠤᠨ ᠤ ᠬᠡᠪᠴᠢᠶᠡᠨ ᠳᠤ ᠦᠭᠡ ᠬᠡᠯᠡ ᠥᠰᠥᠭ ᠪᠢᠴᠢᠭ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠨᠡᠶᠢᠭᠡᠮ ᠨᠡᠶᠢᠲᠡ ᠶᠢᠨ ᠬᠠᠮᠲᠤ ᠶᠢᠨ ᠲᠠᠨᠢᠯᠲᠠ ᠪᠠ ᠬᠦᠴᠦᠨ ᠴᠢᠳᠠᠯ ᠢ ᠨᠢᠭᠲᠠᠷᠠᠭᠤᠯᠤᠨ᠂ ᠨᠡᠶᠢᠲᠡᠯᠢᠭ ᠬᠡᠯᠡ ᠪᠠ ᠳᠦᠷᠢᠮᠵᠢᠭᠰᠡᠨ ᠥᠰᠥᠭ ᠢᠶᠠᠷ ᠬᠡᠷᠡᠭᠯᠡᠭᠡᠨ ᠤ ᠦᠬᠡ ᠬᠡᠯᠡ ᠥᠰᠥᠭ ᠪᠢᠴᠢᠭ ᠪᠣᠯᠭᠠᠭᠰᠠᠨ ᠡᠶ᠎ᠡ ᠵᠣᠬᠢᠴᠠᠯ ᠲᠠᠢ  ᠬᠡᠯᠡ ᠰᠣᠶᠣᠯ  ᠨᠡᠶᠢᠬᠡᠮ ᠤᠨ ᠣᠷᠴᠢᠨ ᠲᠣᠭᠤᠷᠢᠨ ᠢ ᠪᠣᠶ ᠪᠤᠯᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号