9 ᠰᠠᠷ᠎ᠠ ᠶᠢᠨ 17 ᠤ ᠡᠳᠦᠷ᠂ ᠲᠠᠶᠢᠹᠤᠰᠧ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ | 2023 ᠣᠨ ᠤ ᠶᠢᠰᠦᠳᠦᠭᠡᠷ ᠤᠳᠠᠭᠠᠨ ᠤ ᠲᠣᠭᠲᠠᠮᠠᠯ ᠬᠤᠷᠠᠯ ᠵᠢᠴᠢ ᠨᠠᠮᠤᠷ ᠤᠨ ᠤᠯᠠᠷᠢᠯ ᠤᠨ ᠣᠶ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠵᠤ᠂ ᠳᠡᠭᠡᠳᠦ | ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠦᠨᠳᠦᠰᠦᠨ | ᠱᠠᠲᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢᠨ ᠪᠠᠶᠢᠳᠠᠯ ᠢ ᠮᠡᠳᠡᠭᠳᠡᠵᠦ᠂ | ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠦᠨ ᠶᠠᠨ᠂ | ᠡᠷᠳᠡᠨᠢᠪᠠᠭᠠᠳᠤᠷ᠂ ᠪᠦᠦ ᠴᠢᠩ ᠱᠠᠨ ᠬᠤᠷᠠᠯ ᠳᠤ ᠣᠷᠣᠯᠴᠠᠵᠤ᠂ ᠶᠢᠨ ᠶᠦᠩ ᠾᠧ ᠬᠤᠷᠠᠯ ᠢ ᠡᠷᠭᠢᠯᠡᠪᠡ᠃ | ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ ᠪᠤᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ | ᠦᠢᠯᠡᠳᠪᠦᠷᠢᠯᠡᠯ ᠬᠢᠭᠡᠳ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠬᠠᠢ ᠰᠢ ᠶᠢᠨ | ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠣᠷᠣᠨ ᠠᠶᠢᠮᠠᠭ ᠤᠨ ᠠᠶᠤᠯᠬᠦᠢ ᠦᠢᠯᠡᠳᠪᠦᠷᠢᠯᠡᠯ ᠤᠨ ᠠᠵᠢᠯ ᠵᠢᠴᠢ ᠨᠠᠮᠤᠷ ᠤᠨ ᠤᠯᠠᠷᠢᠯ ᠤᠨ | ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠣᠳᠣᠬᠠᠨ ᠤ ᠠᠵᠢᠯ ᠤᠨ ᠪᠠᠶᠢᠳᠠᠯ ᠤᠨ ᠬᠦᠨᠳᠦ ᠨᠣᠴᠢᠲᠠᠢ ᠴᠢᠨᠠᠷ᠂ | ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠤᠷᠢᠭ᠎ᠠ | ᠱᠤᠭᠤᠮ ᠤᠨ ᠰᠡᠳᠬᠢᠬᠦᠢ ᠪᠠᠨ ᠪᠠᠲᠤᠳᠬᠠᠵᠤ᠂ ᠣᠶᠢᠷ᠎ᠠ ᠶᠢᠨ ᠬᠤᠭᠤᠴᠠᠭᠠᠨ ᠤ ᠠᠶᠤᠯᠬᠦᠢ ᠦᠢᠯᠡᠳᠪᠦᠷᠢᠯᠡᠯ᠂ ᠭᠠᠯ | ᠰᠡᠷᠭᠡᠶᠢᠯᠡᠯᠳᠡ ᠪᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠲᠦᠷᠦᠯ ᠤᠨ ᠭᠤᠣᠯᠳᠠᠯᠭ᠎ᠠ ᠲᠠᠢ | ᠠᠵᠢᠯ ᠢ ᠦᠨᠡᠨᠬᠦ ᠰᠠᠶᠢᠨ ᠬᠢᠬᠦ ᠭᠡᠷᠡᠭᠳᠡᠢ᠃ ᠠᠵᠢᠯ ᠤᠨ ᠳᠤᠮᠳᠠᠬᠢ ᠪᠠᠭᠤᠷᠠᠢ ᠲᠠᠯ᠎ᠠ ᠪᠠ ᠵᠠᠩᠭᠢᠯᠠᠭ᠎ᠠ ᠶᠢᠨ ᠬᠦᠷᠢᠶ᠎ᠡ | ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠪᠡᠰᠦ ᠲᠦᠯᠡᠰᠢ᠂ ᠬᠤᠲᠠ | ᠪᠠᠯᠭᠠᠰᠤᠨ ᠤ ᠰᠢᠲᠠᠮᠠᠬᠠᠢ ᠬᠡᠢ᠂ ᠬᠡᠢ ᠴᠠᠬᠢᠯᠭᠠᠨ ᠤ ᠠᠵᠢᠯ ᠲᠥᠷᠥᠯ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ | ᠨᠡᠭᠦᠷᠡᠰᠦᠨ ᠤ ᠪᠤᠰᠤ ᠠᠭᠤᠷᠬᠠᠢ ᠵᠡᠷᠭᠡ ᠤᠰᠤᠯ ᠠᠳᠡᠯ ᠠᠮᠠᠷᠬᠠᠨ ᠡᠭᠦᠰᠬᠦ ᠪᠤᠶᠤ ᠣᠯᠠᠨ ᠡᠭᠦᠰᠬᠦ ᠬᠦᠷᠢᠶ᠎ᠡ | ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠨ ᠬᠢᠵᠦ᠂ ᠡᠯ᠎ᠡ ᠲᠦᠷᠦᠯ ᠤᠨ ᠠᠳᠡᠯ | ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ ᠪᠠᠰᠠ ︽ᠬᠤᠣᠰ | ᠪᠠᠶᠠᠷ︾ ᠤᠨ ᠬᠤᠭᠤᠴᠠᠭᠠᠨ ᠳᠠᠬᠢ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠵᠢᠯ᠂ ᠢᠯᠴᠢ | ᠬᠠᠩᠭᠠᠬᠤ ᠠᠴᠠ ᠡᠮᠦᠨᠡᠬᠢ ᠪᠠᠳᠤᠯᠠᠭᠠᠨ ᠤ ᠠᠵᠢᠯ ᠢ ᠰᠠᠶᠢᠨ ᠬᠢᠬᠦ ᠲᠤᠬᠠᠢ ᠨᠠᠷᠢᠨ ᠪᠠᠶᠢᠷᠢᠯᠠᠭᠤᠯᠤᠯᠲᠠ ᠬᠢᠵᠡᠢ᠃ | ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠦᠨᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ ᠨᠠᠷ | ᠬᠤᠷᠠᠯ ᠳᠤ ᠤᠷᠤᠯᠴᠠᠪᠠ᠃ |