9 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ | ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠳᠠᠷᠤᠭ᠎ᠠ ᠵᠣᠣ ᠹᠧᠢ ᠫᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ | ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 69 ᠳ᠋ᠤᠭᠡᠷ ᠤᠳᠠᠭᠠᠨ ᠤ ᠪᠠᠶᠢᠩᠭᠤ ᠶᠢᠨ | ᠬᠤᠷᠢᠶᠠᠨ ︵ᠥᠷᠭᠡᠳᠬᠡᠭᠰᠡᠨ︶ ᠤ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ | ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠂ ᠪᠦᠭᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠶᠡᠷᠦᠩᠬᠡᠢ ᠱᠦᠵᠢ | ᠰᠢ ᠶᠢᠨ ᠫᠢᠩ ᠤᠨ ︽ᠭᠤᠷᠪᠠᠨ ᠵᠠᠶᠢᠯᠠᠰᠢ ᠦᠭᠡᠢ ᠱᠠᠭᠠᠷᠳᠠᠯᠭ᠎ᠠ︾ ᠶᠢᠨ ᠥᠨᠳᠥᠷᠴᠡ ᠳᠤ ᠵᠤᠭᠰᠤᠵᠤ᠂ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠤᠯᠠᠮ ᠨᠢᠭᠡ | ᠠᠯᠬᠤᠮ ᠨᠢᠭᠡᠳᠬᠡᠨ᠂ ᠡᠯ᠎ᠡ ᠲᠦᠷᠦᠯ ᠤᠨ ᠠᠵᠢᠯ ᠢᠶᠠᠨ ᠨᠠᠷᠢᠨ ᠨᠢᠮᠪᠠᠢ ᠲᠥᠯᠥᠪᠯᠡᠵᠦ᠂ ᠬᠢᠨᠠᠮᠠᠭᠠᠢ ᠰᠠᠶᠢᠨ ᠬᠢᠬᠦ | ᠬᠡᠷᠡᠭᠲᠡᠢ᠃ ᠳᠡᠭᠡᠳᠦ ᠱᠠᠲᠤᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠲᠤᠬᠠᠢ ᠬᠠᠷᠠᠯᠲᠠ | ᠱᠠᠭᠠᠷᠳᠠᠯᠭ᠎ᠠ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠣᠨᠣᠪᠴᠢᠲᠠᠶ ᠣᠶᠢᠯᠠᠭᠠᠨ ᠡᠵᠡᠮᠰᠢᠵᠦ᠂ ᠠᠶᠢᠮᠠᠭ ᠤᠨ | ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯᠣᠨ | ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠯᠤᠭ᠎ᠠ ᠬᠠᠷᠢᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ | ᠰᠢᠰᠲ᠋ᠧᠮ ᠲᠠᠢ ᠰᠢᠨᠵᠢᠯᠡᠬᠦ ᠤᠬᠠᠭᠠᠨᠴᠢ ᠪᠠᠷ ᠲᠦᠯᠦᠪᠯᠡᠨ᠂ ᠨᠠᠷᠢᠯᠢᠭ ᠣᠨᠣᠴᠠᠲᠠᠢ ᠡᠮᠬᠢ ᠵᠢᠷᠤᠮ ᠲᠠᠢ ᠪᠠᠷ | ᠠᠬᠢᠭᠤᠯᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠭᠤᠣᠯ ᠰᠡᠳᠦᠪᠲᠦ | ᠬᠥᠮᠦᠵᠢᠯ ᠥᠷᠨᠢᠭᠦᠯᠬᠦ ᠶᠢ ᠣᠳᠣᠬᠠᠨ ᠤ ᠡᠯ᠎ᠡ ᠲᠦᠷᠦᠯ ᠤᠨ ᠠᠵᠢᠯ ᠢᠶᠠᠨ ᠰᠠᠶᠢᠲᠤᠷ ᠬᠢᠬᠦ ᠲᠠᠢ ᠨᠢᠭᠲᠠ | ᠤᠶᠠᠯᠳᠤᠭᠤᠯᠵᠤ᠂ ᠡᠬᠢ ᠪᠠᠶᠠᠯᠢᠭ ᠪᠠ ᠬᠦᠴᠦᠨ ᠴᠢᠳᠠᠯ ᠢ ᠰᠠᠶᠢᠲᠤᠷ ᠨᠢᠭᠡᠳᠦᠯᠲᠡᠢ ᠲᠦᠯᠦᠪᠵᠢᠬᠦᠯᠦᠨ᠂ ᠨᠠᠮ ᠤᠨ | ᠭᠡᠰᠢᠭᠦᠨ ᠺᠠᠳ᠋ᠷᠴᠤᠳ ᠤᠨ ᠭᠤᠣᠯ ᠰᠡᠳᠦᠪᠲᠦ ᠬᠥᠮᠦᠵᠢᠯ ᠤᠨ ᠳᠤᠮᠳᠠ ᠬᠦᠪᠴᠢᠯᠡᠭᠳᠡᠭᠰᠡᠨ ᠠᠵᠢᠯ ᠦᠢᠯᠡᠰ ᠤᠨ | ᠬᠠᠯᠠᠭᠤᠨ ᠰᠡᠳᠬᠢᠯᠭᠡ ᠪᠠ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠠᠵᠢᠯ ᠢᠶᠠᠨ ᠰᠠᠶᠢᠨ ᠬᠢᠬᠦ ᠶᠢᠨ | ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠵᠤ᠂ ᠬᠤᠶᠠᠷ ᠲᠠᠯ᠎ᠠ ᠶᠢ ᠠᠳᠬᠤᠬᠤ᠂ ᠬᠤᠶᠠᠷ ᠢ ᠰᠠᠭᠠᠲᠠᠭᠠᠬᠤ ᠦᠭᠡᠢ | ᠂ ᠬᠤᠶᠠᠷ ᠢ ᠠᠬᠢᠭᠤᠯᠬᠤ ᠶᠢ ᠦᠨᠡᠨ ᠬᠦ ᠪᠡᠶᠡᠯᠡᠬᠦᠯᠦᠨ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠠᠮᠤᠷ ᠲᠣᠭᠲᠠᠭᠤᠨ ᠪᠠᠶᠢᠬᠤ ᠶᠢ ᠤᠯᠠᠮ ᠰᠠᠶᠢᠨ | ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ | ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠭᠡᠰᠢᠬᠦᠨ ᠨᠢᠭᠡᠴᠡ ᠶᠢᠨ ᠭᠤᠣᠯ | ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃ |