ᠦᠷᠭᠡᠨ ᠣᠯᠠᠨ ᠠᠷᠠᠳ ᠢᠷᠭᠡᠳ ᠤᠨ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠲᠠᠢ ᠲᠡᠮᠡᠴᠡᠯ ᠬᠢᠵᠤ᠂ | ᠭᠠᠵᠢᠭᠤ ᠨᠣᠮᠯᠠᠯ ᠤᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠢᠳᠡᠪᠬᠢᠵᠢᠯ ᠢ | ᠲᠠᠶᠢᠴᠢᠯᠠᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ | ᠮᠠᠨ ᠤ ᠬᠤᠰᠢᠭᠤᠨ ᠤ ᠪᠠᠨ ᠡᠶ᠎ᠡ ᠵᠣᠬᠢᠴᠠᠯ ᠲᠠᠢ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ | ᠪᠣᠯᠭᠠᠬᠤ ᠶᠢᠨ ᠲᠥᠯᠥᠭᠡ᠂ ᠶᠠᠷᠢᠯᠴᠠᠨ ᠰᠤᠳᠤᠯᠬᠤ ᠪᠠᠷ ᠲᠠᠮᠵᠢᠭᠠᠳ ᠪᠥᠬᠦ ᠬᠤᠰᠢᠭᠤᠨ ᠤ ᠬᠡᠪᠴᠢᠶᠡᠨ ᠳᠤ ᠭᠠᠵᠢᠭᠤ | ᠨᠣᠮᠯᠠᠯ ᠤᠨ ᠵᠤᠬᠢᠶᠠᠨ ᠪᠠᠶᠢᠭᠤᠯᠤᠯᠳᠠ ᠶᠢᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠱᠠᠩᠨᠠᠯ ᠲᠠᠢ ᠪᠠᠷ | ᠢᠯᠡᠴᠢᠯᠡᠨ ᠮᠡᠳᠡᠬᠦᠯᠬᠦ ᠠᠵᠢᠯᠯᠠᠭ᠎ᠠ ᠥᠷᠨᠢᠭᠦᠯᠬᠦ ᠪᠠᠷ ᠲᠤᠭᠳᠠᠵᠠᠢ᠂ ᠪᠠᠶᠢᠳᠠᠯ ᠳᠣᠣᠷᠠᠬᠢ ᠮᠡᠲᠦ᠄ | ᠨᠢᠭᠡ᠂ ᠢᠯᠡᠴᠢᠯᠡᠨ ᠮᠡᠳᠡᠬᠦᠯᠬᠦ ᠠᠭᠤᠯᠭ᠎ᠠ | 1. ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠬᠠᠤᠯᠢ ᠪᠤᠰᠤ ᠪᠠᠷ ᠤᠯᠠᠨ ᠢ ᠴᠤᠭᠯᠠᠭᠤᠯᠵᠤ ᠬᠢᠴᠢᠶᠡᠯ | ᠪᠤᠯᠪᠠᠰᠤᠷᠠᠯ ᠡᠷᠬᠢᠯᠡᠬᠦ ᠪᠤᠶᠤ ᠨᠢᠭᠤᠴᠠ ᠴᠤᠭᠯᠠᠭᠠᠨ ᠪᠤᠯᠬᠤ᠃ | 2. ᠬᠦᠴᠦᠷᠬᠡᠭᠯᠡᠯ᠂ ᠰᠦᠷᠳᠡᠭᠦᠯᠦᠯ ᠪᠤᠶᠤ ᠪᠤᠰᠤᠳ ᠠᠷᠭ᠎ᠠ ᠪᠠᠷᠢᠯ ᠢᠶᠠᠷ ᠪᠤᠰᠤᠳ ᠢ ᠠᠯᠪᠠᠳᠠᠵᠤ ᠪᠠᠶᠢᠭᠠᠳ | ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ ᠤᠷᠤᠭᠤᠯᠬᠤ ᠪᠤᠶᠤ ᠭᠠᠵᠢᠭᠤ ᠨᠣᠮᠯᠠᠯ ᠤᠨ ᠵᠣᠬᠢᠶᠠᠨ | ᠪᠠᠶᠢᠭᠤᠯᠤᠯᠲᠠ ᠭᠠᠷᠬᠤ ᠶᠢ ᠨᠢ ᠬᠤᠷᠢᠭᠯᠠᠬᠤ᠃ | 3. ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢ ᠠᠰᠢᠭᠯᠠᠨ ᠮᠤᠬᠤᠷ ᠪᠢᠰᠢᠷᠡᠯ ᠤᠨ ᠭᠠᠵᠢᠭᠤ ᠶᠠᠷᠢᠶ᠎ᠠ ᠶᠢ | ᠵᠣᠬᠢᠶᠠᠵᠤ᠂ ᠲᠠᠷᠬᠠᠭᠠᠵᠤ᠂ ᠭᠠᠵᠢᠭᠤ ᠨᠤᠮᠯᠠᠯ ᠤᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠪᠤᠶᠤ ᠪᠤᠰᠤᠳ | ᠬᠦᠮᠦᠰ ᠢ ᠮᠡᠬᠡᠯᠡᠨ᠂ ᠥᠯᠪᠡᠷᠦᠯ ᠵᠠᠷᠯᠠᠬᠤ᠂ ᠪᠡᠶ᠎ᠡ ᠪᠠᠨ ᠲᠠᠷᠴᠢᠯᠠᠭᠠᠬᠤ ᠂ ᠡᠪᠡᠳᠴᠢᠲᠡᠨ ᠲᠠᠢ ᠪᠠᠶᠢᠭᠠᠳ ᠬᠡᠪ ᠤᠨ | ᠡᠮᠴᠢᠯᠡᠭᠡ ᠶᠢ ᠲᠡᠪᠴᠢᠬᠦ ᠵᠡᠷᠭᠡ ᠠᠵᠢᠯᠯᠠᠭ᠎ᠠ ᠬᠢᠯᠭᠡᠬᠦ᠃ | 4. ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠲᠠᠲᠠᠵᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠳᠤ | ᠤᠷᠤᠭᠤᠯᠬᠤ ᠪᠤᠶᠤ ᠨᠠᠰᠤᠨ ᠳᠤ ᠦᠯᠦ ᠬᠦᠷᠦᠭᠰᠡᠦᠠ ᠲᠤ ᠭᠠᠵᠢᠭᠤ ᠨᠣᠮᠯᠠᠯ ᠢ ᠤᠬᠠᠭᠤᠯᠬᠤ᠃ | 5. ᠤᠯᠤᠰ ᠤᠨ ᠠᠵᠢᠯᠲᠠᠨ ᠭᠠᠵᠢᠭᠤ ᠨᠣᠮᠯᠠᠯ ᠤᠨ ᠠᠵᠢᠯᠯᠠᠭ᠎ᠠ ᠬᠢᠬᠦ᠃ | 6. ︽ᠬᠠᠭᠤᠷᠮᠠᠭ ᠰᠠᠭᠤᠷᠢ ᠦᠷᠳᠡᠭᠡ︾ ︽ᠬᠠᠷ᠎ᠠ ᠷᠠᠳᠢᠣ᠋ ᠨᠡᠪᠲᠡᠷᠡᠭᠦᠯᠭᠡ︾ ᠵᠡᠷᠭᠡ ᠷᠠᠳᠢᠣ᠋ ᠬᠤᠷᠢᠶ᠎ᠠ ︵ | ᠦᠷᠳᠡᠭᠡ︶ ᠪᠤᠶᠤ ᠷᠠᠳᠢᠣ᠋ ᠳᠠᠪᠲᠠᠮᠵᠢ ᠪᠠᠷ ᠭᠠᠵᠢᠭᠤ ᠨᠣᠮᠯᠠᠯ ᠢ ᠤᠬᠠᠭᠤᠯᠵᠤ᠂ ᠷᠠᠳᠢᠣ᠋ ᠲᠧᠯᠸᠢᠰ ᠲᠡᠭᠡᠷ᠎ᠡ ᠬᠠᠤᠯᠢ | ᠪᠤᠰᠤ ᠪᠠᠷ ᠬᠠᠪᠴᠢᠭᠤᠯᠤᠨ ᠤᠬᠠᠭᠤᠯᠬᠤ᠃ | 7. ᠭᠠᠵᠢᠭᠤ ᠨᠣᠮᠯᠠᠯ ᠤᠨ ᠠᠭᠤᠯᠭ᠎ᠠ ᠶᠢ ᠳᠠᠷᠤᠮᠠᠯᠯᠠᠭᠰᠠᠨ ᠠᠷᠠᠳ ᠤᠨ ᠵᠣᠭᠤᠰ ᠢ ᠦᠢᠯᠡᠳᠴᠦ᠂ ᠠᠰᠢᠭᠯᠠᠵᠤ | ᠂ ᠭᠠᠵᠢᠭᠤ ᠨᠣᠮᠯᠠᠯ ᠭᠠᠵᠢᠭᠤ ᠰᠤᠷᠭᠠᠯ ᠢ ᠤᠬᠠᠭᠤᠯᠬᠤ᠃ | 8. ᠭᠠᠵᠢᠭᠤ ᠨᠣᠮᠯᠠᠯ ᠢ ᠠᠰᠢᠭᠯᠠᠵᠤ ᠪᠠᠶᠢᠭᠠᠳ ᠵᠣᠭᠤᠰ ᠮᠥᠩᠭᠦ ᠴᠤᠬᠯᠠᠭᠤᠯᠬᠤ᠃ | 9.ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢ ᠠᠰᠢᠭᠯᠠᠨ᠂ ᠮᠤᠬᠤᠷ ᠪᠢᠰᠢᠷᠡᠯ ᠤᠨ ᠭᠠᠵᠢᠭᠤ | ᠰᠤᠷᠭᠠᠯ ᠢ ᠵᠣᠬᠢᠶᠠᠵᠤ᠂ ᠲᠠᠷᠬᠠᠭᠠᠵᠤ᠂ ᠭᠠᠵᠢᠭᠤ ᠨᠤᠮᠯᠠᠯ ᠤᠨ ᠵᠤᠬᠢᠶᠠᠨ ᠪᠠᠶᠢᠭᠤᠯᠤᠯᠳᠠ ᠶᠢᠨ ᠬᠡᠰᠢᠬᠦᠨ ᠪᠤᠶᠤ | ᠪᠤᠰᠤᠳ ᠬᠥᠮᠥᠨ ᠢ ᠵᠣᠬᠢᠶᠠᠨ ᠪᠠᠶᠢᠭᠤᠯᠵᠤ᠂ ᠥᠳᠥᠭᠡᠵᠦ᠂ ᠰᠦᠷᠳᠡᠭᠦᠯᠵᠦ᠂ ᠵᠢᠭᠠᠨ ᠳᠣᠬᠢᠵᠤ᠂ ᠬᠠᠪᠰᠤᠷᠤᠨ | ᠲᠡᠮᠵᠢᠵᠦ ᠪᠠᠶᠢᠭᠠᠳ ᠪᠡᠶ᠎ᠡ ᠪᠠᠨ ᠬᠤᠤᠷᠯᠠᠬᠤ᠂ ᠪᠡᠶ᠎ᠡ ᠪᠠᠨ ᠰᠢᠷᠬᠠᠳᠠᠭᠤᠯᠬᠤ ᠵᠡᠷᠭᠡ ᠦᠢᠯᠡ ᠠᠵᠢᠯᠯᠠᠭ᠎ᠠ ᠬᠢᠯᠭᠡᠬᠦ᠃ | 10. ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠢᠨ ᠦᠪᠡᠷᠦᠨ ᠪᠡᠶ᠎ᠡ ᠪᠠᠨ ᠰᠢᠳᠠᠭᠠᠬᠤ᠂ | ᠳᠡᠯᠪᠡᠴᠢᠬᠦ ᠪᠤᠶᠤ ᠪᠤᠰᠤᠳ ᠠᠶᠤᠯᠲᠠᠢ ᠠᠷᠭ᠎ᠠ ᠪᠠᠷ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ | ᠤᠴᠠᠷᠠᠭᠤᠯᠬᠤ᠃ | 11. ᠬᠢᠯᠢ ᠶᠢᠨ ᠭᠠᠳᠠᠨᠠᠬᠢ ᠪᠠᠶᠢᠭᠤᠯᠤᠮᠵᠢ᠂ ᠵᠣᠬᠢᠶᠠᠨ ᠪᠠᠶᠢᠭᠤᠯᠤᠯᠲᠠ ᠪᠤᠶᠤ ᠡᠯᠳᠡᠪ ᠬᠥᠮᠥᠰ ᠲᠠᠢ | ᠰᠥᠯᠪᠡᠭᠡᠯᠳᠦᠵᠦ᠂ ᠭᠠᠵᠢᠭᠤ ᠨᠣᠮᠯᠠᠯ ᠤᠨ ᠠᠵᠢᠯᠯᠠᠭ᠎ᠠ ᠬᠢᠬᠦ᠃ | 12. ᠴᠢᠬᠤᠯᠠ ᠪᠤᠯᠬᠤ ᠤᠯᠠᠨ ᠨᠡᠶᠢᠲᠡ ᠶᠢᠨ ᠲᠠᠯᠠᠪᠤᠷ᠂ ᠬᠢᠨᠠᠨ ᠬᠠᠮᠢᠶᠠᠷᠬᠤ ᠲᠠᠯᠠᠪᠤᠷ ᠪᠤᠶᠤ ᠤᠯᠤᠰ ᠤᠨ | ᠴᠢᠬᠤᠯᠠ ᠶᠡᠭᠡ ᠪᠠᠶᠠᠷ ᠲᠤᠷᠠᠰᠬᠠᠯ ᠤᠨ ᠡᠳᠦᠷ᠂ ᠴᠢᠬᠤᠯᠠ ᠶᠡᠭᠡ ᠬᠦᠳᠡᠯᠪᠦᠷᠢ ᠠᠵᠢᠯᠯᠠᠭᠠᠨ ᠤ ᠬᠤᠭᠤᠴᠠᠭᠠᠨ ᠳᠤ | ᠴᠤᠭᠯᠠᠭᠠᠨ ᠪᠤᠯᠵᠤ ᠬᠡᠷᠡᠭ ᠡᠳᠦᠵᠦ᠂ ᠢᠯᠡ ᠪᠠᠷ ᠭᠠᠵᠢᠭᠤ ᠨᠣᠮᠯᠠᠯ ᠤᠨ ᠠᠵᠢᠯᠯᠠᠭ᠎ᠠ ᠦᠢᠯᠡᠳᠬᠦ᠃ | 13. ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠨᠢ ᠴᠠᠭᠠᠵᠠᠯᠭᠳᠠᠭᠰᠠᠨ ᠤ ᠲᠠᠷᠠᠭ᠎ᠠ ᠪᠤᠶᠤ ᠭᠠᠵᠢᠭᠤ | ᠨᠣᠮᠯᠠᠯ ᠤᠨ ᠵᠣᠬᠢᠶᠠᠨ ᠪᠠᠶᠢᠭᠤᠯᠤᠯᠲᠠ ᠪᠠᠷ ᠮᠠᠭᠠᠳᠯᠠᠨ ᠲᠣᠭᠲᠠᠭᠠᠭᠰᠠᠨ ᠤ ᠲᠠᠷᠠᠭ᠎ᠠ᠂ ᠦᠷᠬᠦᠯᠵᠢᠯᠡᠨ ᠴᠤᠭᠯᠠᠭᠠᠨ | ᠪᠤᠯᠵᠤ ᠬᠡᠷᠡᠭ ᠡᠳᠦᠵᠦ᠂ ᠢᠯᠡ ᠪᠠᠷ ᠭᠠᠵᠢᠭᠤ ᠨᠣᠮᠯᠠᠯ ᠤᠨ ᠠᠵᠢᠯᠯᠠᠭ᠎ᠠ ᠦᠢᠯᠡᠳᠬᠦ᠃ | 14. ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠡᠰᠢᠬᠦᠨ ᠪᠤᠶᠤ ᠪᠤᠰᠤᠳ ᠬᠥᠮᠥᠨ ᠢ ᠵᠣᠬᠢᠶᠠᠨ | ᠪᠠᠶᠢᠭᠤᠯᠵᠤ᠂ ᠥᠳᠥᠭᠡᠵᠦ᠂ ᠮᠡᠬᠡᠯᠡᠵᠦ ᠪᠠᠶᠢᠭᠠᠳ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠨᠢ | ᠦᠯᠦ ᠬᠦᠢᠴᠡᠳᠭᠡᠯᠬᠡᠬᠦ᠃ | 15. ᠮᠤᠵᠢ ᠬᠤᠲᠠ ᠠᠯᠤᠰᠯᠠᠨ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠪᠠᠶᠢᠭᠤᠯᠵᠤ᠂ ᠭᠡᠰᠢᠬᠦᠨ | ᠡᠯᠰᠡᠬᠦ ᠪᠤᠶᠤ ᠭᠠᠵᠢᠭᠤ ᠨᠣᠮᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ᠃ | 16. ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠤᠯᠡᠠ ᠢ ᠴᠤᠭᠯᠠᠭᠤᠯᠵᠤ ᠠᠯᠪᠠᠨ ᠪᠠᠶᠢᠭᠤᠯᠭ᠎ᠠ᠂ ᠠᠵᠤ | ᠠᠬᠤᠶᠢᠯᠠᠯ ᠪᠤᠶᠤ ᠤᠯᠡᠠ ᠨᠡᠶᠢᠲᠡ ᠶᠢᠨ ᠲᠠᠯᠠᠪᠤᠷ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠢ ᠪᠦᠰᠡᠯᠡᠬᠦ᠂ | ᠲᠡᠭᠠᠷᠢᠬᠤ᠂ ᠬᠦᠴᠦᠷᠬᠡᠭᠯᠡᠨ ᠡᠵᠡᠯᠡᠬᠦ᠂ ᠦᠢᠮᠡᠭᠦᠯᠦᠨ ᠲᠦᠢᠪᠡᠭᠡᠬᠦ ᠪᠠᠷ ᠭᠤᠷᠢᠳᠠᠵᠤ᠂ ᠨᠡᠶᠢᠭᠡᠮ ᠤᠨ ᠡᠮᠬᠢ ᠵᠢᠷᠤᠮ ᠢ | ᠰᠠᠮᠠᠭᠤᠷᠠᠭᠤᠯᠬᠤ᠃ | 17. ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢ ᠠᠰᠢᠭᠯᠠᠵᠤ᠂ ᠤᠯᠤᠰ ᠣᠷᠣᠨ ᠢ ᠬᠠᠭᠠᠴᠠᠭᠤᠯᠬᠤ᠂ | ᠲᠦᠷᠦ ᠶᠢᠨ ᠡᠷᠬᠡ ᠶᠢ ᠨᠤᠷᠠᠭᠠᠬᠤ ᠦᠳᠦᠭᠡᠯᠭᠡ ᠬᠢᠬᠦ ᠪᠤᠶᠤ ᠪᠤᠰᠤᠳ ᠢ ᠳᠣᠷᠣᠮᠵᠢᠯᠠᠵᠤ ᠬᠦᠳᠭᠡᠬᠦ᠃ | 18. ᠬᠤᠯᠪᠤᠭ᠎ᠠ ᠰᠦᠯᠵᠢᠶ᠎ᠡ ᠶᠢ ᠠᠰᠢᠭᠯᠠᠨ ᠭᠠᠵᠢᠭᠤ ᠨᠣᠮᠯᠠᠯ ᠢ ᠤᠬᠠᠭᠤᠯᠬᠤ᠂ ᠵᠢᠱᠢᠶᠡᠯᠡᠪᠡᠯ ᠮᠡᠳᠡᠭᠡ | ᠵᠠᠩᠭᠢ ᠨᠠᠶᠢᠷᠠᠭᠤᠯᠤᠨ ᠲᠠᠷᠬᠠᠭᠠᠬᠤ᠂ ᠤᠳᠠᠰᠤᠳᠠᠬᠤ᠂ QQ᠂ ᠸᠢᠴᠠᠲ᠂ ᠪᠢᠴᠢᠯ ᠪᠦᠷᠭᠡ᠂ ᠬᠤᠷᠳᠤᠨ ᠭᠠᠷ᠂ | ᠴᠤᠤᠷᠢᠶ᠎ᠠ ᠵᠡᠷᠭᠡ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠢ ᠠᠰᠢᠭᠯᠠᠨ ᠭᠠᠵᠢᠭᠤ ᠨᠣᠮᠯᠠᠯ ᠤᠨ ᠠᠭᠤᠯᠭ᠎ᠠ ᠶᠢ | ᠤᠬᠠᠭᠤᠯᠵᠤ ᠰᠤᠷᠳᠠᠯᠴᠢᠯᠠᠬᠤ᠃ | 19. ᠭᠠᠵᠢᠭᠤ ᠨᠣᠮᠯᠠᠯ ᠤᠨ ᠵᠢᠷᠤᠭ ᠲᠦᠷᠰᠦ᠂ ᠤᠬᠠᠭᠤᠯᠭ᠎ᠠ ᠶᠢᠨ ᠬᠠᠭᠤᠳᠠᠰᠤ᠂ ᠰᠣᠨᠢᠨ ᠰᠡᠳᠬᠦᠯ᠂᠂ ᠨᠣᠮ | ᠪᠢᠴᠢᠭ ᠂ ᠳᠠᠭᠤ ᠳᠦᠷᠰᠦ ᠰᠢᠩᠭᠡᠭᠡᠯᠲᠡ ᠂ ᠡᠯᠭᠦᠭᠡ ᠪᠢᠴᠢᠭᠡᠰᠦ᠂ ᠫᠠᠶᠢᠰᠠ ᠢᠯᠡᠷᠭᠡᠶᠢᠯᠡᠯ᠂ ᠡᠳ᠋ ᠪᠣᠳᠠᠰ᠂ ᠲᠤᠭ | ᠰᠦᠯᠳᠡ᠂ ᠬᠤᠪᠴᠠᠰᠤ ᠵᠠᠰᠠᠯ᠂ ᠡᠳ᠋ᠯᠡᠯ ᠬᠡᠷᠡᠭᠰᠡᠯ᠂ ᠳᠤᠷᠠᠰᠬᠠᠯ ᠤᠨ ᠪᠣᠳᠠᠰ ᠵᠡᠷᠭᠡ ᠶᠢ ᠦᠢᠯᠡᠳᠴᠦ᠂ | ᠭᠤᠶᠢᠪᠢᠭᠤᠯᠵᠤ᠂ ᠲᠠᠷᠬᠠᠭᠠᠬᠤ᠃ | 20. ᠰᠠᠭᠤᠭᠠᠯᠢ ᠲᠣᠭᠤᠷᠢᠭ᠂ ᠵᠡᠭᠡᠯᠢ ᠭᠤᠳᠤᠮᠵᠢ᠂ ᠴᠡᠴᠡᠷᠯᠢᠭ ᠲᠡᠯᠡᠪᠡᠢ᠂ ᠲᠡᠯᠬᠡᠬᠦᠷ ᠬᠤᠳᠠᠯᠳᠤᠭ᠎ᠠ᠂ | ᠲᠡᠷᠭᠡᠨ ᠦᠷᠳᠡᠭᠡ ᠵᠡᠷᠭᠡ ᠤᠯᠡᠠ ᠨᠡᠶᠢᠲᠡ ᠶᠢᠨ ᠲᠠᠯᠠᠪᠤᠷ ᠪᠠ ᠮᠣᠳᠣ᠂ ᠬᠡᠷᠡᠮ᠂ ᠴᠠᠬᠢᠯᠭᠠᠨ ᠪᠠᠭᠠᠨ᠎ᠠ ᠵᠡᠷᠭᠡ ᠶᠢ | ᠠᠰᠢᠭᠯᠠᠨ ᠲᠡᠭᠤ ᠳᠦᠷᠰᠦ ᠰᠢᠩᠭᠡᠭᠡᠯᠲᠡ ᠲᠠᠯᠪᠢᠬᠤ᠂ ᠤᠷᠢᠶ᠎ᠠ ᠬᠠᠰᠬᠢᠷᠬᠤ᠂ ᠬᠢᠴᠢᠶᠡᠯ ᠣᠷᠣᠬᠤ᠂ ᠶᠠᠷᠢᠶ᠎ᠠ | ᠢᠯᠡᠳᠬᠡᠯ ᠬᠢᠬᠦ᠂ ᠪᠢᠴᠢᠵᠦ ᠵᠢᠷᠤᠬᠤ᠂ ᠤᠷᠢᠶ᠎ᠠ ᠯᠣᠽᠦ᠋ᠩ ᠨᠠᠭᠠᠵᠤ ᠡᠯᠭᠦᠬᠦ ᠪᠤᠶᠤ ᠡᠳ᠋ ᠪᠤᠳᠠᠰ ᠰᠢᠳᠡᠵᠦ | ᠬᠠᠶᠠᠬᠤ᠂ ᠳᠡᠯᠭᠡᠨ ᠦᠵᠡᠭᠦᠯᠬᠦ᠂ ᠤᠯᠠᠮᠵᠢᠯᠠᠨ ᠲᠠᠮᠵᠢᠭᠤᠯᠬᠤ ᠵᠡᠷᠭᠡ ᠠᠷᠭ᠎ᠠ ᠮᠠᠶ᠋ᠢᠭ ᠢᠶᠠᠷ ᠭᠠᠵᠢᠭᠤ ᠨᠣᠮᠯᠠᠯ ᠢ | ᠤᠬᠠᠭᠤᠯᠬᠤ᠃ | ᠬᠤᠶᠠᠷ᠂ ᠱᠠᠩᠨᠠᠨ ᠵᠤᠷᠢᠬᠵᠢᠭᠤᠯᠬᠤ ᠨᠢᠭᠤᠷᠯᠠᠯ | ᠨᠡᠶᠢᠭᠡᠮ ᠤᠨ ᠡᠯ᠎ᠡ ᠡᠲᠡᠭᠡᠳ ᠤᠨ ᠥᠷᠭᠡᠨ ᠤᠯᠠᠨ ᠠᠷᠠᠳ ᠢᠷᠭᠡᠳ ᠨᠢᠬᠡᠪᠦᠷᠢ ᠭᠠᠵᠢᠭᠤ ᠨᠣᠮᠯᠠᠯ ᠤᠨ | ᠠᠵᠢᠯᠯᠠᠭ᠎ᠠ ᠶᠢ ᠦᠨᠡᠨ ᠪᠤᠳᠠᠳᠠᠢ ᠪᠠᠷ ᠢᠯᠡᠴᠢᠯᠡᠨ ᠮᠡᠳᠡᠬᠦᠯᠪᠡᠯ ᠪᠦᠷ ᠱᠠᠩᠨᠠᠨ ᠵᠤᠷᠢᠬᠵᠢᠭᠤᠯᠤᠨ᠎ᠠ᠃ ᠡᠯ᠎ᠡ ᠱᠠᠲᠤᠨ ᠤ | ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠦᠷᠳᠡᠭᠡ᠂ ᠠᠵᠢᠯᠯᠠᠬᠤ ᠳᠤᠭᠤᠶᠢᠯᠠᠩ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠠᠵᠢᠯᠳᠠᠳ ᠡᠭᠦᠨ ᠳᠤ ᠪᠠᠭᠲᠠᠬᠤ ᠦᠭᠡᠢ᠃ | ᠭᠤᠷᠪᠠ᠂ ᠱᠠᠩᠨᠠᠨ ᠵᠤᠷᠢᠬᠵᠢᠭᠤᠯᠬᠤ ᠲᠣᠳᠣᠷᠬᠠᠶᠢᠯᠠᠯᠲᠠ | ᠬᠤᠯᠪᠣᠭᠳᠠᠯ ᠪᠦᠬᠦᠢ ᠲᠦᠷᠢᠮ ᠲᠣᠭᠲᠠᠭᠠᠯ ᠶᠣᠰᠣᠭᠠᠷ᠂ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠪᠠᠶᠢᠴᠠᠭᠠᠨ | ᠲᠣᠳᠣᠯᠠᠭᠠᠳ ᠦᠨᠡᠨ ᠪᠣᠳᠠᠲᠠᠢ ᠪᠤᠯ᠂ ᠬᠠᠩᠭᠠᠭᠰᠠᠨ ᠰᠦᠪᠡᠭᠴᠢ ᠨᠢ ᠬᠢᠷᠢ ᠵᠡᠷᠭᠡ ᠴᠢᠬᠤᠯᠠ ᠭᠡᠳᠡᠭ ᠢ | ᠦᠨᠳᠦᠰᠦᠯᠡᠵᠦ ᠪᠠᠶᠢᠭᠠᠳ ᠢᠯᠡᠴᠢᠯᠡᠨ ᠮᠡᠳᠡᠭᠦᠯᠦᠭᠴᠢ ᠳᠤ 500 ᠲᠥᠭᠦᠷᠢᠭ ᠠᠴᠠ 3000 ᠲᠥᠭᠦᠷᠢᠭ ᠤᠨ | ᠪᠡᠯᠡᠨ ᠵᠣᠭᠤᠰ ᠤᠨ ᠱᠠᠩᠨᠠᠯ ᠣᠯᠭᠤᠨ᠎ᠠ᠃ ᠣᠯᠠᠨ ᠰᠠᠯᠠᠭ᠎ᠠ ᠮᠥᠴᠢᠷ ᠲᠤ ᠠᠳᠠᠯᠢ ᠨᠢᠭᠡᠨ ᠠᠭᠤᠯᠭ᠎ᠠ ᠶᠢ ᠢᠯᠡᠴᠢᠯᠡᠨ | ᠮᠡᠳᠡᠭᠦᠯᠦᠭᠰᠡᠨ ᠪᠠᠶᠢᠪᠠᠯ ᠨᠢᠬᠡᠯᠡ ᠤᠳᠠᠭ᠎ᠠ ᠱᠠᠩᠨᠠᠨ ᠵᠤᠷᠢᠬᠵᠢᠭᠤᠯᠤᠨ᠎ᠠ᠃ ᠬᠤᠳᠠᠯ ᠬᠠᠭᠤᠷᠮᠠᠭ ᠢᠶᠠᠷ ᠢᠯᠡᠴᠢᠯᠡᠨ | ᠮᠡᠳᠡᠭᠦᠯᠦᠭᠰᠡᠨ ᠪᠤᠶᠤ ᠲᠤᠰ ᠬᠦᠮᠦᠨ ᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠨᠢ ᠡᠰᠡ ᠬᠡᠷᠡᠭᠯᠡᠭᠰᠡᠨ ᠪᠤᠯ | ᠱᠠᠩᠨᠠᠵᠤ ᠵᠤᠷᠢᠬᠵᠢᠭᠤᠯᠬᠤ ᠦᠭᠡᠢ᠃ ᠢᠯᠡᠴᠢᠯᠡᠨ ᠮᠡᠳᠡᠭᠦᠯᠦᠭᠴᠢ ᠨᠢ ᠱᠠᠩᠨᠠᠯ ᠵᠤᠷᠢᠬᠵᠢᠭᠤᠯᠤᠯ ᠤᠨ ᠮᠡᠳᠡᠭᠳᠡᠯ ᠢ | ᠣᠯᠣᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠪᠡᠶ᠎ᠡ ᠶᠢᠨ ᠦᠨᠡᠮᠯᠡᠯ ᠢᠶᠠᠨ ᠠᠪᠴᠤ ᠲᠣᠭᠲᠠᠭᠰᠠᠨ | ᠭᠠᠵᠠᠷ ᠲᠤ ᠬᠦᠷᠴᠦ ᠱᠠᠩᠨᠠᠯ ᠢᠶᠠᠨ ᠭᠠᠷᠳᠠᠨ᠎ᠠ᠂ ᠬᠤᠭᠤᠴᠠᠭ᠎ᠠ ᠨᠢ ᠬᠡᠳᠦᠷᠡᠭᠡᠳ ᠱᠠᠩᠨᠠᠯ ᠢᠶᠠᠨ ᠭᠠᠷᠳᠠᠬᠤ ᠦᠬᠡᠢ | ᠪᠤᠯ ᠰᠠᠶᠢᠨ ᠲᠤᠷ᠎ᠠ ᠠᠴᠠ ᠪᠠᠨ ᠱᠠᠩᠨᠠᠯ ᠢᠶᠠᠨ ᠬᠠᠶᠠᠭᠰᠠᠨ ᠢᠶᠠᠷ ᠪᠤᠳᠤᠨ᠎ᠠ᠃ | ᠳᠥᠷᠪᠡ᠂ ᠢᠯᠡᠴᠢᠯᠡᠨ ᠮᠡᠳᠡᠭᠦᠯᠬᠦ ᠠᠷᠭ᠎ᠠ ᠬᠡᠯᠪᠡᠷᠢ | ︽110︾ ᠪᠤᠶᠤ 0479 —5227030 ᠤᠲᠠᠰᠤ ᠪᠠᠷ ᠬᠤᠯᠪᠤᠭᠳᠠᠵᠤ ᠢᠯᠡᠴᠢᠯᠡᠨ ᠮᠡᠳᠡᠭᠦᠯᠦᠨ᠎ᠡ᠃ | ᠲᠠᠪᠤ᠂ ᠬᠠᠤᠯᠢ ᠶᠢᠨ ᠬᠠᠷᠢᠭᠤᠴᠠᠯᠭ᠎ᠠ | ᠢᠯᠡᠴᠢᠯᠡᠨ ᠮᠡᠳᠡᠭᠦᠯᠬᠦ ᠨᠡᠷ᠎ᠡ ᠪᠠᠷ ᠪᠤᠰᠤᠳ ᠢ ᠬᠦᠳᠭᠡᠵᠦ ᠬᠦᠵᠢᠷᠯᠡᠬᠦ᠂ ᠬᠤᠳᠠᠯ ᠬᠠᠭᠤᠷᠮᠠᠭ ᠭᠠᠵᠢᠭᠤ | ᠨᠣᠮᠯᠠᠯ ᠤᠨ ᠮᠡᠳᠡᠭᠡ ᠵᠠᠩᠭᠢ ᠶᠢ ᠵᠤᠬᠢᠶᠠᠵᠤ ᠲᠠᠷᠬᠠᠭᠠᠬᠤ᠂ ᠬᠤᠳᠠᠯ ᠬᠠᠭᠤᠷᠮᠠᠭ ᠢᠶᠠᠷ ᠮᠡᠳᠡᠬᠦᠯᠦᠯᠳᠡ ᠬᠢᠬᠦ ᠵᠡᠷᠭᠡ | ᠦᠢᠯᠡ ᠠᠵᠢᠯᠯᠠᠭ᠎ᠠ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠭᠤᠭ᠎ᠠ᠂ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ | ᠨᠢᠭᠤᠴᠠ ᠶᠢ ᠬᠠᠮᠠᠭᠠᠯᠠᠬᠤ ᠠᠷᠭ᠎ᠠ ᠳᠦᠷᠢᠮ ᠢ ᠴᠢᠩᠭ᠎ᠠ ᠬᠡᠷᠡᠭᠵᠢᠭᠦᠯᠵᠦ᠂ ᠢᠯᠡᠴᠢᠯᠡᠨ ᠮᠡᠳᠡᠭᠦᠯᠦᠭᠴᠢ ᠶᠢᠨ | ᠵᠥᠪᠰᠢᠶᠡᠷᠡᠯ ᠦᠭᠡᠢ ᠪᠤᠯ ᠶᠠᠮᠠᠷᠪᠠ ᠠᠷᠭ᠎ᠠ ᠮᠠᠶ᠋ᠢᠭ ᠢᠶᠠᠷ ᠢᠯᠡᠴᠢᠯᠡᠨ ᠮᠡᠳᠡᠭᠦᠯᠦᠭᠴᠢ ᠶᠢᠨ ᠪᠡᠶ᠎ᠡ ᠬᠡᠮ ᠤᠨ ᠮᠡᠳᠡᠭᠡ | ᠵᠠᠩᠭᠢ ᠶᠢ ᠵᠠᠳᠠᠷᠠᠭᠤᠯᠵᠤ ᠪᠣᠯᠬᠤ ᠦᠭᠡᠢ᠂ ᠨᠢᠭᠤᠴᠠ ᠶᠢ ᠵᠠᠳᠠᠷᠠᠭᠤᠯᠤᠭᠰᠠᠨ ᠦᠶᠯᠡ ᠠᠵᠢᠯᠯᠠᠭ᠎ᠠ ᠠᠴᠠ ᠬᠠᠤᠯᠢ | ᠲᠦᠷᠢᠮ ᠤᠨ ᠲᠠᠭᠠᠤ ᠬᠠᠷᠢᠭᠤᠴᠠᠯᠭ᠎ᠠ ᠨᠡᠬᠡᠮᠵᠢᠯᠡᠨ᠎ᠡ᠃ | | ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | 2023 ᠣᠨ ᠤ 9 ᠰᠠᠷ᠎ᠠ ᠶᠢᠨ 15 ᠤ ᠡᠳᠦᠷ |