ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ  — — —  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠬᠠᠢ ᠮᠡᠳᠡᠯᠭᠡ
ᠨᠡᠶᠢᠲᠡᠯᠡᠭᠰᠡᠨ ᠴᠠᠭ᠄
2023/9/19
   2023 ᠣᠨ ᠤ 9 ᠰᠠᠷ᠎ᠠ ᠪᠣᠯ ᠲᠦᠴᠢᠳᠡᠬᠢ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠪᠣᠯᠣᠨ᠎ᠠ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭᠠᠨ  ᠤ ᠰᠠᠷ᠎ᠠ ᠶᠢᠨ ᠠᠵᠢᠯ ᠢ ᠰᠠᠶᠢᠲᠤᠷ ᠥᠷᠨᠢᠭᠦᠯᠬᠦ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ  ᠪᠠᠶᠢᠭᠤᠯᠬᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠳᠤ ᠡᠳᠡᠭᠡᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢᠨ ᠴᠡᠭ ᠢ ᠬᠠᠮᠳᠤ ᠪᠠᠷ ᠡᠵᠡᠮᠰᠢᠶ᠎ᠡ᠄     ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠪᠠ ︽ᠬᠥᠲᠥᠯᠪᠦᠷᠢ︾᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠎ᠠ᠃     ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠤᠯᠤᠰ ᠲᠦᠷᠦ ᠶᠢᠨ ᠪᠠᠲᠤᠯᠠᠭ᠎ᠠ᠄ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ ᠲᠡᠬᠦᠯᠳᠡᠷᠵᠢᠬᠦᠯᠦᠨ᠎ᠡ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ︱ ︽ᠳᠥᠷᠪᠡ ᠶᠢ ᠬᠠᠮᠲᠤᠳᠬᠠᠬᠤ︾᠄ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠴᠢᠬᠦᠷᠢ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ     ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ︱ ︽ᠲᠦᠷᠪᠡᠨ ᠬᠠᠮᠲᠤ ᠪᠠᠷ︾᠄ ᠥᠷᠭᠡᠨ ᠠᠭᠤᠳᠠᠮ ᠨᠤᠲᠤᠭ ᠳᠡᠪᠢᠰᠬᠡᠷ ᠢ ᠡᠯ᠎ᠡ ᠦᠨᠳᠦᠰᠦᠲᠡᠨ ᠬᠠᠮᠲᠤ ᠪᠠᠷ ᠨᠡᠭᠡᠭᠡᠭᠰᠡᠨ᠂ ᠥᠨᠢ ᠤᠷᠳᠤ ᠶᠢᠨ ᠲᠡᠦᠬᠡ ᠶᠢ ᠡᠯ᠎ᠡ ᠦᠨᠳᠦᠰᠦᠲᠡᠨ ᠬᠠᠮᠲᠤ ᠪᠠᠷ ᠪᠢᠴᠢᠭᠯᠡᠭᠰᠡᠨ᠂  ᠭᠡᠷᠡᠯ ᠰᠠᠴᠤᠷᠠᠩᠭᠤᠢ ᠰᠣᠶᠣᠯ ᠢ ᠡᠯ᠎ᠡ ᠦᠨᠳᠦᠰᠦᠲᠡᠨ ᠬᠠᠮᠲᠤ ᠪᠠᠷ ᠪᠦᠲᠦᠭᠡᠭᠰᠡᠨ᠂ ᠠᠭᠤᠤ ᠶᠡᠭᠡ ᠵᠣᠷᠢᠭ ᠰᠠᠨᠠᠭ᠎ᠠ ᠶᠢ ᠡᠯ᠎ᠡ ᠦᠨᠳᠦᠰᠦᠲᠡᠨ ᠬᠠᠮᠲᠤ ᠪᠠᠷ ᠪᠤᠶᠢᠵᠢᠭᠤᠯᠤᠭᠰᠠᠨ᠃     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ︽ᠳᠦᠷᠪᠡᠨ ᠵᠠᠶᠢᠯᠠᠰᠢ ᠦᠭᠡᠢ ᠱᠠᠭᠠᠷᠳᠠᠯᠭ᠎ᠠ︾᠄  ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠬᠤ  ᠶᠢᠨ ᠵᠠᠶᠢᠯᠠᠰᠢ ᠦᠭᠡᠢ ᠱᠠᠭᠠᠷᠳᠠᠯᠭ᠎ᠠ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ᠂ ᠨᠡᠶᠢᠭᠡᠮ ᠵᠢᠷᠤᠮᠲᠤ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ᠂ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ᠃     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠳᠤ ᠰᠠᠶᠢᠲᠤᠷ ᠡᠵᠡᠮᠳᠡᠬᠦ ᠴᠢᠬᠤᠯᠠᠲᠠᠢ ︽ᠲᠦᠷᠪᠡᠨ ᠬᠤᠣᠰ ᠬᠠᠷᠢᠴᠠᠭ᠎ᠠ︾᠄ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠠᠷᠢᠴᠠᠭ᠎ᠠ  ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠣᠨ ᠦᠨᠳᠦᠰᠦᠲᠡᠨ ᠨᠦᠭᠦᠳ ᠤᠨ  ᠤᠬᠠᠮᠰᠠᠷ ᠤᠨ ᠬᠠᠷᠢᠴᠠᠭ᠎ᠠ  ᠂ ᠳᠤᠮᠳᠠᠳᠤ ᠶᠢᠨ ᠰᠣᠶᠣᠯ ᠪᠣᠯᠣᠨ ᠦᠨᠳᠦᠰᠦᠲᠡᠨ ᠨᠦᠭᠦᠳ ᠤᠨ ᠰᠣᠶᠣᠯ ᠤᠨ ᠬᠠᠷᠢᠴᠠᠭ᠎ᠠ᠂ᠪᠣᠳᠠᠰ ᠪᠠ ᠤᠶᠤᠨ ᠰᠠᠨᠠᠭᠠᠨ ᠤ ᠬᠠᠷᠢᠴᠠᠭ᠎ᠠ  ᠃     ᠨᠠᠮ ᠤᠨ ᠦᠨᠳᠦᠰᠦᠲᠡᠨ ᠤ ᠠᠵᠢᠯ ᠤᠨ ︽ᠲᠠᠪᠤᠨ ᠶᠡᠭᠡ ᠭᠤᠣᠯᠳᠠᠯᠭ᠎ᠠ ᠲᠠᠢ ᠡᠭᠦᠷᠭᠡ︾᠄  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠳᠠ ᠶᠢ ᠪᠦᠬᠦ ᠲᠠᠯᠠᠪᠠᠷ ᠠᠬᠢᠭᠤᠯᠬᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠰᠢ ᠬᠠᠮᠲᠤ ᠪᠠᠷ ᠵᠠᠮᠨᠠᠬᠤ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠤ ᠬᠡᠷᠡᠭ ᠶᠠᠪᠤᠳᠠᠯ  ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠬᠦ᠂ ᠦᠨᠳᠦᠰᠦᠲᠡᠨ ᠤ ᠬᠦᠷᠢᠶ᠎ᠡ ᠴᠠᠷᠠᠭ᠎ᠠ ᠳᠠᠬᠢ ᠬᠦᠨᠳᠦ ᠶᠡᠭᠡ ᠠᠶᠤᠯ ᠲᠦᠭᠰᠢᠭᠦᠷᠢ ᠬᠡᠮ ᠰᠣᠭᠤᠭ ᠢ ᠡᠷᠡᠰ ᠰᠡᠷᠭᠡᠶᠢᠯᠡᠬᠦ᠃    ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ᠄  ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠤᠬᠢᠴᠠᠭᠤᠯᠬᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠵᠢᠯᠴᠠᠬᠤ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ  ᠤᠷᠤᠯᠴᠠᠬᠤ᠃   ᠦᠨᠳᠦᠰᠦᠲᠡᠨ ᠤ ᠣᠷᠣᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠪᠠᠷᠢᠮᠵᠢᠶ᠎ᠠ ︱ ︽ᠳᠥᠷᠪᠡᠨ ᠣᠨᠴᠠᠭᠠᠶ︾᠄  ᠨᠠᠮ ᠤᠨ ᠲᠦᠪᠯᠡᠷᠡᠩᠬᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠤᠪᠤᠷ ᠨᠢ ᠣᠨᠴᠠᠭᠠᠶ ᠡᠷᠡᠰ ᠰᠢᠭᠤᠷᠬᠠᠢ᠂ ᠵᠥᠪ ᠪᠤᠷᠤᠭᠤ ᠶᠢ ᠢᠯᠭᠠᠬᠤ ᠵᠣᠭᠰᠣᠯᠲᠠ ᠨᠢ ᠣᠨᠴᠠᠭᠠᠶ ᠰᠡᠷᠭᠡᠭ᠂  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯᠯᠠᠭ᠎ᠠ ᠨᠢ ᠣᠨᠴᠠᠭᠠᠢ ᠡᠷᠡᠰ ᠪᠠᠲᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠠᠶᠢᠷᠠᠯᠠᠬᠤ ᠰᠡᠳᠬᠢᠯᠭᠡ ᠨᠢ ᠲᠤᠶᠢᠯ ᠤᠨ ᠦᠨᠡᠨᠴᠢ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ   ᠶᠢ ︽ᠬᠤᠶᠠᠷ ᠲᠤ ᠣᠷᠣᠭᠤᠯᠬᠤ︾  ᠄ ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠳᠤ ᠤᠷᠤᠭᠤᠯᠬᠤ᠂  ᠤᠯᠤᠰ ᠲᠥᠷᠥ ᠶᠢᠨ ᠪᠠᠶᠢᠴᠠᠭᠠᠯᠲᠠ᠂ ᠲᠣᠭᠤᠷᠢᠨ ᠪᠠᠶᠢᠴᠠᠭᠠᠯᠲᠠ᠂ ᠠᠵᠢᠯ ᠤᠨ ᠠᠮᠵᠢᠯᠲᠠ ᠶᠢᠨ ᠬᠢᠨᠠᠨ ᠰᠢᠯᠭᠠᠯᠲᠠ ᠳᠤ ᠣᠷᠣᠭᠤᠯᠬᠤ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠤᠨ ᠪᠠᠶᠢᠩᠭᠤ ᠶᠢᠨ ᠲᠤᠭᠳᠠᠯᠴᠠᠭ᠎ᠠ ᠶᠢ ᠪᠠᠶᠢᠭᠤᠯᠬᠤ ︱ ︽ᠭᠤᠷᠪᠠ ᠳᠤ ᠣᠷᠣᠭᠤᠯᠵᠤ ᠨᠢᠭᠡ ᠶᠢ ᠰᠠᠶᠢᠨ ᠬᠢᠬᠦ︾᠄ ᠺᠠᠳ᠋ᠷ ᠤᠨ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ  ᠂ ᠤᠯᠤᠰ ᠠᠷᠠᠳ ᠤᠨ ᠬᠥᠮᠦᠵᠢᠯ ᠤᠨ ᠰᠢᠰᠲ᠋ᠧᠮ ᠳᠤ ᠣᠷᠣᠭᠤᠯᠵᠤ᠂ ᠨᠡᠶᠢᠭᠡᠮ ᠤᠨ ᠤᠬᠠᠭᠤᠯᠭ᠎ᠠ ᠬᠥᠮᠦᠵᠢᠯ ᠢ ᠰᠠᠶᠢᠨ ᠬᠢᠬᠦ᠃   ︽ᠬᠤᠶᠠᠷ ᠬᠠᠮᠲᠤ ᠪᠠᠷ︾᠄ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ᠃   ︽ᠭᠤᠷᠪᠠᠨ ᠰᠠᠯᠵᠤ ᠴᠢᠳᠠᠬᠤ ᠦᠭᠡᠢ︾᠄ ᠬᠢᠲᠠᠳ ᠦᠨᠳᠦᠰᠦᠲᠡᠨ ᠴᠥᠭᠡᠨ ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠤᠭᠤᠷᠣᠨᠳᠤ ᠪᠠᠨ ᠰᠠᠯᠵᠤ ᠴᠢᠳᠠᠬᠤ ᠦᠭᠡᠢ᠃    ︽ᠭᠤᠷᠪᠠᠨ ᠤᠬᠠᠮᠰᠠᠷ︾᠄ ᠲᠦᠷᠦ ᠶᠢᠨ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ  ᠃    ︽ᠲᠠᠪᠤᠨ ᠮᠡᠳᠡᠷᠡᠬᠦᠢ︾᠄ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠳᠡᠭᠡᠳᠦ  ᠬᠡᠮᠵᠢᠶ᠎ᠡ ᠪᠠᠷ ᠮᠡᠳᠡᠷᠡᠨ ᠵᠦᠪᠰᠢᠶᠡᠷᠡᠬᠦ᠃      ᠮᠠᠷᠺᠰ ᠤᠨ ᠦᠵᠡᠯ ᠤᠨ ︽ᠲᠠᠪᠤᠨ ᠦᠵᠡᠯᠲᠡ︾᠄ ᠤᠯᠤᠰ ᠤᠨ ᠦᠵᠡᠯᠲᠡ᠂ ᠦᠨᠳᠦᠰᠦᠲᠡᠨ ᠤ  ᠦᠵᠡᠯᠲᠡ᠂ ᠲᠡᠦᠬᠡ ᠶᠢᠨ  ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ᠃      ︽ᠵᠢᠷᠭᠤᠭᠠᠨ ᠬᠠᠷᠢᠯᠴᠠᠨ︾  ᠄ ᠦᠨᠳᠦᠰᠦᠲᠡᠨ ᠨᠦᠭᠦᠳ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠭᠲᠠᠭᠠᠵᠤ᠂ ᠬᠠᠷᠢᠯᠴᠠᠨ ᠪᠠᠭ᠋ᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ  ᠬᠠᠪᠰᠤᠷᠤᠯᠴᠠᠬᠤ᠃      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠬᠦᠳᠦᠨ ᠪᠠᠶᠢᠭᠤᠯᠬᠤ ᠠᠵᠢᠯᠯᠠᠭ᠎ᠠ ᠶᠢ ︽ᠳᠣᠯᠤᠭ᠎ᠠ  ᠳᠤ ᠤᠷᠤᠭᠤᠯᠬᠤ︾᠄ ᠪᠠᠶᠢᠭᠤᠯᠭ᠎ᠠ ᠨᠢᠬᠡᠴᠡ ᠳᠤ ᠤᠷᠤᠭᠤᠯᠬᠤ᠂ ᠠᠵᠤ ᠠᠬᠤᠶᠢᠯᠠᠯ ᠳᠤ ᠤᠷᠤᠭᠤᠯᠬᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠤᠷᠤᠭᠤᠯᠬᠤ᠂ ᠨᠡᠶᠢᠭᠡᠮ ᠲᠣᠭᠤᠷᠢᠭ ︵ᠭᠠᠴᠠᠭ᠎ᠠ ᠲᠤᠰᠬᠤᠨ︶ ᠲᠤ ᠤᠷᠤᠭᠤᠯᠬᠤ᠂ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ᠂  ᠴᠡᠷᠢᠭ ᠠᠩᠭᠢ ᠳᠤ ᠤᠷᠤᠭᠤᠯᠬᠤ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠤᠷᠤᠭᠤᠯᠬᠤ᠃      ᠨᠡᠶᠢᠭᠡᠮ ᠵᠢᠷᠤᠮᠲᠤ ᠦᠨᠳᠦᠰᠦᠲᠡᠨ ᠤ ᠬᠠᠷᠢᠴᠠᠭ᠎ᠠ᠄ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ᠃      ᠬᠤᠶᠠᠷ ᠢ ᠤᠶᠠᠯᠳᠤᠭᠤᠯᠬᠤ᠄ ᠨᠢᠭᠡᠳᠦᠯ ᠪᠠ ᠥᠪᠡᠷᠲᠡᠭᠡᠨ ᠵᠠᠰᠠᠬᠤ ᠶᠢ ᠤᠶᠠᠯᠳᠤᠭᠤᠯᠬᠤ᠂ ᠦᠨᠳᠦᠰᠦᠲᠡᠨ ᠤ ᠬᠦᠴᠦᠨ ᠵᠦᠢᠯ ᠪᠠ ᠣᠷᠣᠨ ᠪᠦᠰᠡ ᠶᠢᠨ ᠬᠦᠴᠦᠨ ᠵᠦᠢᠯ ᠢ ᠤᠶᠠᠯᠳᠤᠭᠤᠯᠬᠤ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠬᠤᠷᠠᠯᠳᠤᠭᠰᠠᠨ ᠴᠠᠭ᠄ 2014 ᠣᠨ ᠤ 9 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠵᠤ᠂ 2021 ᠣᠨ ᠤ 8 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ ᠲᠠᠪᠤᠳᠤᠭᠠᠷ ᠤᠳᠠᠭᠠᠨ ᠤ ᠬᠤᠷᠠᠯ  ᠬᠤᠷᠠᠯᠳᠤᠪᠠ᠃     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠳᠠᠬᠢ ᠮᠠᠨ ᠤ ᠤᠯᠤᠰ ᠤᠨ ᠤᠯᠠᠨ ᠦᠨᠳᠦᠰᠦᠲᠡᠨ ᠪᠦᠬᠦᠢ ᠤᠯᠤᠰ ᠤᠨ ᠦᠨᠳᠦᠰᠦᠨ ᠪᠠᠶᠢᠳᠠᠯ ᠤᠨ ᠲᠤᠬᠠᠢ ᠬᠤᠷᠢᠶᠠᠩᠭᠤᠶᠢᠯᠠᠯ ᠭᠡᠪᠡᠯ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠢᠶᠠᠨ ᠴᠣᠭᠴᠠᠯᠠᠨ ᠪᠠᠶᠢᠭᠤᠯᠤᠭᠰᠠᠨ ᠤᠯᠡᠠ ᠦᠨᠳᠦᠰᠦᠲᠡᠨ ᠪᠦᠬᠦᠢ ᠨᠢᠭᠡᠳᠦᠭᠰᠡᠨ ᠤᠯᠤᠰ ᠮᠥᠨ᠃     ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠠᠷᠬᠠᠯᠲᠠ ᠶᠢᠨ ᠤᠨᠴᠠᠯᠢᠭ᠄ ᠶᠡᠭᠡ ᠬᠡᠮᠵᠢᠶ᠎ᠡ ᠪᠠᠷ ᠲᠠᠷᠬᠠᠨ ᠰᠠᠭᠤᠷᠢᠰᠢᠬᠤ᠂ ᠪᠠᠭ᠎ᠠ ᠬᠡᠮᠵᠢᠶ᠎ᠡ ᠪᠠᠷ ᠲᠥᠪᠯᠡᠷᠡᠨ ᠰᠠᠭᠤᠷᠢᠰᠢᠬᠤ᠂ ᠦᠨᠳᠦᠰᠦᠲᠡᠨ ᠨᠦᠭᠦᠳ ᠬᠤᠭᠤᠷᠣᠨᠳᠤ ᠪᠠᠨ ᠰᠣᠯᠪᠢᠴᠠᠨ ᠰᠠᠭᠤᠷᠢᠰᠢᠬᠤ᠃     ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ  — ︽ᠠᠷᠪᠠᠨ ᠬᠤᠶᠠᠷ ᠡᠷᠬᠡᠪᠰᠢ︾᠄  ᠡᠷᠬᠡᠪᠰᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠡᠬᠦᠰᠦᠴᠡ ᠪᠠ ᠵᠤᠭᠰᠤᠴᠠ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠡᠷᠬᠡᠪᠰᠢ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠠᠬᠢᠭᠤᠯᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠪᠣᠯᠭᠠᠵᠤ᠂ ᠦᠨᠳᠦᠰᠦᠲᠡᠨ ᠨᠦᠭᠦᠳ ᠤᠨ ᠴᠠᠭ ᠦᠶ᠎ᠡ ᠶᠢᠨ ᠠᠯᠬᠤᠮ ᠢ ᠰᠠᠯᠤᠯ ᠦᠭᠡᠢ ᠳᠠᠭᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠤᠯᠭᠠᠨ᠂ ᠦᠨᠳᠦᠰᠦᠲᠡᠨ ᠨᠦᠭᠦᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠨ ᠵᠦᠪᠰᠢᠶᠡᠷᠡᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠡᠷᠬᠡᠪᠰᠢ ᠳᠤᠮᠳᠠᠳᠤ ᠶᠢᠨ ᠦᠨᠳᠦᠰᠦᠲᠡᠨ ᠤ ᠵᠥᠪ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠲᠤᠬᠠᠢ ᠮᠡᠳᠡᠷᠡᠨ ᠵᠦᠪᠰᠢᠶᠡᠷᠡᠬᠦ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠪᠠᠨ ᠨᠡᠮᠡᠭᠳᠡᠭᠦᠯᠬᠦ ᠬᠡᠷᠡᠭᠲᠡᠢ᠃ ᠡᠷᠬᠡᠪᠰᠢ ᠦᠨᠳᠦᠰᠦᠲᠡᠨ ᠨᠦᠭᠦᠳ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠬᠠᠮᠲᠤ ᠪᠠᠷ ᠡᠷᠬᠡ ᠮᠡᠳᠡᠵᠦ ᠡᠵᠡᠨ ᠰᠠᠭᠤᠬᠤ᠂ ᠤᠯᠤᠰ ᠤᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠣᠯᠴᠠᠬᠤ ᠶᠢ ᠪᠠᠳᠤᠯᠠᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ  ᠭᠡᠷᠡᠭᠳᠡᠢ᠃ ᠡᠷᠬᠡᠪᠰᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ᠃ ᠡᠷᠬᠡᠪᠰᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂  ᠨᠠᠮ ᠤᠨ ᠲᠥᠪ ᠬᠤᠷᠢᠶᠠᠨ ᠤ ᠵᠠᠷᠯᠢᠭ ᠵᠠᠬᠢᠶ᠎ᠠ ᠰᠠᠭᠠᠳ ᠦᠭᠡᠢ ᠶᠠᠪᠤᠭᠳᠠᠬᠤ ᠶᠢ ᠪᠠᠳᠤᠯᠠᠨ᠂ ᠤᠯᠤᠰ ᠤᠨ ᠬᠠᠤᠯᠢ ᠴᠠᠭᠠᠵᠠ ᠲᠦᠷᠢᠮ ᠲᠣᠭᠲᠠᠭᠠᠯ ᠢ ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ ᠦᠨᠳᠦᠰᠦᠲᠡᠨ ᠨᠦᠭᠦᠳ ᠤᠨ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠲᠡᠮᠵᠢᠨ᠂ ᠬᠠᠮᠲᠤ ᠪᠠᠷ ᠬᠦᠭᠵᠢᠵᠦ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠬᠡᠷᠡᠭᠲᠡᠢ᠃ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠬᠥᠮᠥᠰ ᠤᠨ ᠰᠡᠳᠬᠢᠯ ᠢ ᠨᠢᠬᠳᠠᠷᠠᠭᠤᠯᠤᠨ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠤᠶᠤᠨ ᠰᠠᠨᠠᠭᠠᠨ ᠤ ᠬᠤᠯᠪᠣᠭᠠᠰᠤ ᠶᠢ ᠪᠦᠷᠢᠯᠳᠦᠭᠦᠯᠬᠦ ᠬᠡᠷᠡᠭᠲᠡᠢ᠃ ᠡᠷᠬᠡᠪᠰᠢ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠦᠰᠡᠯᠡᠩ᠂ ᠢᠲᠡᠭᠡᠯ ᠪᠢᠰᠢᠷᠡᠯ᠂ ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠠᠬ᠎ᠠ ᠳᠡᠭᠦᠦ ᠶᠢᠨ ᠬᠠᠶᠢᠷ᠎ᠠ ᠰᠡᠳᠬᠢᠯᠭᠡ ᠭᠦᠨ ᠵᠤᠵᠠᠭᠠᠨ ᠪᠠᠶᠢᠬᠤ ᠶᠢ ᠠᠬᠢᠭᠤᠯᠬᠤ ᠬᠡᠷᠡᠭᠲᠡᠢ᠃ ᠡᠷᠬᠡᠪᠰᠢ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠳᠠ ᠶᠢᠨ ᠰᠢᠰᠲ᠋ᠧᠮ ᠪᠣᠯᠣᠨ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ  ᠃ ᠡᠷᠬᠡᠪᠰᠢ ᠤᠯᠤᠰ ᠣᠷᠣᠨ ᠤ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ ᠦᠨᠳᠦᠰᠦᠲᠡᠨ ᠨᠦᠭᠦᠳ ᠤᠨ ᠡᠬᠡ ᠣᠷᠣᠨᠴᠢ ᠦᠵᠡᠯ ᠤᠨ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠬᠤ ᠶᠢ ᠬᠥᠮᠥᠵᠢᠭᠦᠯᠦᠨ ᠵᠢᠯᠤᠭᠤᠳᠴᠤ᠂ ᠡᠬᠡ ᠣᠷᠣᠨ ᠤ ᠨᠢᠭᠡᠳᠦᠯ᠂ ᠤᠯᠤᠰ ᠣᠷᠣᠨ ᠤ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃ ᠡᠷᠬᠡᠪᠰᠢ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ᠂ ᠦᠨᠳᠦᠰᠦᠲᠡᠨ ᠤ ᠠᠵᠢᠯ ᠢ ᠰᠠᠶᠢᠨ ᠬᠢᠬᠦ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠶᠡᠷᠦᠩᠬᠡᠢ ᠬᠠᠷᠠᠯᠲᠠ᠄ ᠳᠤᠮᠳᠠᠳᠤ   ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ   ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠨ᠎ᠡ᠃      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠣᠶᠢᠯᠠᠭᠠᠭᠳᠠᠬᠤᠨ᠄ ᠡᠩ ᠤᠨ ᠴᠠᠭ  ᠢᠶᠠᠷ ᠭᠤᠤᠯ  ᠪᠤᠯᠭᠠᠬᠤ᠂ ᠰᠡᠳᠬᠢᠯ ᠢᠶᠠᠨ ᠰᠣᠯᠢᠯᠴᠠᠬᠤ ᠪᠠᠷ ᠭᠤᠤᠯ ᠪᠤᠯᠭᠠᠬᠤ᠂ ᠦᠢᠯᠡ ᠠᠵᠢᠯᠯᠠᠭ᠎ᠠ ᠪᠠᠷ ᠭᠤᠤᠯ  ᠪᠤᠯᠭᠠᠬᠤ᠂ ᠦᠨᠳᠦᠰᠦᠨ ᠱᠠᠳᠤ ᠪᠠᠷ ᠭᠤᠤᠯ ᠪᠤᠯᠭᠠᠬᠤ᠃      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠶᠡᠷᠦᠩᠬᠡᠢ ᠱᠠᠭᠠᠷᠳᠠᠯᠭ᠎ᠠ᠄  ᠬᠦᠮᠦᠯᠢᠭᠵᠢᠬᠦ᠂ ᠪᠣᠳᠠᠲᠤ ᠴᠣᠭᠴᠠᠴᠢᠯᠠᠬᠤ᠂ ᠤᠯᠠᠨ ᠲᠦᠮᠡᠨᠴᠢᠯᠡᠬᠦ᠃      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠦᠨᠳᠦᠰᠦᠨ ᠴᠢᠭᠯᠡᠯ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ  ᠃      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠦᠨᠳᠦᠰᠦᠨ ᠠᠷᠭ᠎ᠠ ᠵᠠᠮ ᠄ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠴᠢᠩᠭᠠᠳᠬᠠᠬᠤ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号