ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠢᠬᠤᠯᠠ ᠴᠢᠨᠠᠷ ᠤᠨ ᠲᠤᠬᠠᠢ ᠪᠠᠯᠭᠠᠰᠤᠨ ᠤ ᠨᠠᠮ ᠤᠨ ᠭᠡᠰᠢᠭᠦᠨ | ᠺᠠᠳ᠋ᠷᠴᠤᠳ ᠤᠨ ᠲᠠᠨᠢᠯᠲᠠ ᠶᠢ ᠴᠢᠨᠠᠭᠰᠢᠳᠠ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠦᠵᠡᠯᠲᠡ ᠶᠢ ᠦᠨᠡᠨᠬᠦ ᠴᠢᠩᠭᠠᠳᠬᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠪᠣᠯᠪᠠᠰᠤᠷᠠᠯ ᠢ | ᠳᠡᠭᠡᠭᠰᠢᠯᠡᠭᠦᠯᠵᠦ᠂ ᠰᠠᠨᠠᠭᠠᠰᠢᠷᠠᠨ ᠵᠣᠪᠠᠨᠢᠬᠤ ᠤᠬᠠᠮᠰᠠᠷ ᠢ ᠨᠡᠮᠡᠭᠳᠡᠭᠦᠯᠬᠦ ᠶᠢᠨ ᠲᠥᠯᠥᠭᠡ᠂ 9 ᠰᠠᠷ᠎ᠠ ᠶᠢᠨ 15 ᠤ | ᠡᠳᠦᠷ ᠯᠦᠸᠧ ᠲᠦᠸᠧ ᠱᠠᠨ ᠪᠠᠯᠭᠠᠰᠤ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠤᠰᠬᠠᠢ | ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠤᠰᠢᠭᠤᠨ ᠤ ᠠᠷᠠᠳ ᠤᠨ | ᠵᠡᠪᠰᠡᠭᠲᠦ ᠬᠦᠴᠦᠨ ᠤ ᠬᠡᠯᠳᠡᠰ ᠤᠨ ᠺᠤᠮᠢᠰᠰᠡᠷ ᠰᠢᠦᠢ ᠰᠢᠨ ᠹᠠᠩ ᠢ ᠤᠷᠢᠵᠤ ᠲᠤᠰᠬᠠᠢ ᠰᠡᠳᠦᠪᠲᠦ ᠤᠬᠠᠭᠤᠯᠭ᠎ᠠ | ᠲᠠᠶᠢᠯᠤᠮᠵᠢ ᠬᠢᠯᠭᠡᠪᠡ᠃ ᠰᠢᠦᠢ ᠰᠢᠨ ᠹᠠᠩ ᠠᠴᠠ ︽ ᠤᠯᠤᠰ ᠬᠦᠷᠦᠨ ᠪᠠ ᠬᠢᠯᠢ ᠬᠢᠵᠠᠭᠠᠷ ᠤᠨ ᠪᠠᠳᠤᠯᠠᠨ | ᠬᠠᠮᠠᠭᠠᠯᠠᠯᠳᠠ︾ ᠬᠡᠮᠡᠬᠦ ᠰᠡᠳᠦᠪ ᠢᠶᠠᠷ ᠤᠯᠤᠰ ᠤᠨ ᠪᠠᠲᠤᠯᠠᠨ ᠬᠠᠮᠠᠭᠠᠯᠠᠯᠲᠠ ᠭᠡᠳᠡᠭ ᠨᠢ ᠶᠠᠭᠤ ᠪᠣᠯᠬᠤ᠂ | ᠤᠯᠤᠰ ᠤᠨ ᠪᠠᠲᠤᠯᠠᠨ ᠬᠠᠮᠠᠭᠠᠯᠠᠯᠲᠠ ᠶᠢ ᠶᠠᠭᠤᠨ ᠤ ᠤᠴᠢᠷ ᠠᠴᠠ ᠬᠢᠬᠦ᠂ ᠤᠯᠤᠰ ᠢᠶᠠᠨ ᠬᠠᠶᠢᠷᠠᠯᠠᠬᠤ ᠳᠤ ᠠᠮᠤᠷ | ᠲᠦᠪᠰᠢᠨ ᠪᠠᠶᠢᠭ᠎ᠠ ᠦᠶ᠎ᠡ ᠳᠤ ᠴᠤ ᠠᠶᠤᠯ ᠲᠦᠭᠰᠢᠭᠦᠷᠢ ᠭᠠᠰᠠᠯᠠᠩ ᠵᠣᠪᠠᠯᠠᠩ ᠢ ᠦᠯᠦ ᠮᠠᠷᠲᠠᠬᠤ᠂ ᠤᠯᠤᠰ ᠢᠶᠠᠨ | ᠬᠠᠶᠢᠷᠠᠯᠠᠬᠤ ᠳᠤ ᠢᠲᠡᠭᠡᠯ ᠵᠣᠷᠢᠭ ᠢᠶᠠᠨ ᠪᠠᠲᠤᠳᠬᠠᠨ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠬᠤ᠂ ᠤᠯᠤᠰ ᠢᠶᠠᠨ | ᠬᠠᠶᠢᠷᠠᠯᠠᠬᠤ ᠳᠤ ᠤᠯᠤᠰ ᠤᠨ ᠪᠠᠲᠤᠯᠠᠨ ᠬᠠᠮᠠᠭᠠᠯᠠᠯᠲᠠ ᠲᠠᠢ ᠰᠡᠳᠬᠢᠯ ᠵᠢᠷᠦᠬᠡ ᠪᠠᠨ ᠬᠤᠯᠪᠣᠬᠤ᠂ ᠤᠯᠤᠰ ᠤᠨ | ᠪᠠᠲᠤᠯᠠᠨ ᠬᠠᠮᠠᠭᠠᠯᠠᠯᠲᠠ ᠶᠢ ᠴᠢᠩᠭᠠᠳᠬᠠᠨ ᠦᠷᠨᠢᠬᠦᠯᠬᠦ ᠶᠢᠨ ᠲᠣᠭᠤᠷᠢᠨ ᠳᠤ ᠤᠬᠠᠭᠤᠯᠭ᠎ᠠ ᠲᠠᠶᠢᠯᠤᠮᠵᠢ ᠬᠢᠵᠦ᠂ | ᠵᠠᠪᠰᠠᠷ ᠲᠤᠨᠢ ᠤᠬᠤᠷ ᠹᠢᠯᠢᠮ ᠤᠨ ᠬᠡᠯᠪᠡᠷᠢ ᠪᠠᠷ ᠪᠣᠳᠠᠲᠤ ᠵᠢᠱᠢᠶ᠎ᠡ ᠶᠢ ᠰᠣᠯᠪᠢᠴᠠᠭᠤᠯᠤᠨ ᠣᠷᠣᠭᠤᠯᠵᠤ᠂ ᠥᠷᠭᠡᠨ | ᠤᠯᠠᠨ ᠺᠠᠳ᠋ᠷᠴᠤᠳ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠴᠢᠬᠤᠯᠠ ᠶᠡᠭᠡ ᠠᠴᠢ | ᠬᠤᠯᠪᠣᠭᠳᠠᠯ᠂ ᠪᠠᠶᠠᠯᠢᠭ ᠠᠭᠤᠯᠤᠭᠳᠠᠬᠤᠨ ᠤ ᠲᠤᠬᠠᠢ ᠰᠢᠨ᠎ᠡ ᠲᠠᠨᠢᠯᠲᠠ ᠪᠠ ᠣᠶᠢᠯᠠᠭᠠᠯᠲᠠ ᠲᠠᠢ ᠪᠤᠯᠭᠠᠪᠠ᠃ | ᠬᠤᠷᠠᠯ ᠳᠤ ᠣᠷᠣᠯᠴᠠᠭᠰᠠᠨ ᠺᠠᠳ᠋ᠷᠴᠤᠳ᠂ ᠬᠤᠶᠢᠰᠢᠳᠠ ᠶᠢᠨ ᠠᠵᠢᠯ ᠠᠮᠢᠳᠤᠷᠠᠯ ᠤᠨ ᠳᠤᠮᠳᠠ ᠪᠠᠨ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠡᠳᠬᠢᠯ ᠳᠡᠭᠡᠨ ᠬᠠᠳᠠᠩᠰᠢᠭᠤᠯᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠤᠬᠠᠢ ᠦᠵᠡᠯ ᠤᠬᠠᠮᠰᠠᠷ ᠢᠶᠠᠨ ᠤᠯᠠᠮ ᠲᠡᠭᠡᠭᠰᠢᠯᠡᠬᠦᠯᠦᠨ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠤᠬᠠᠢ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠬᠦ ᠶᠢᠨ ᠬᠠᠮᠲᠤ ᠤᠬᠠᠮᠰᠠᠷ ᠠᠴᠠ ᠪᠠᠨ | ᠡᠳᠦᠷ ᠲᠤᠳᠤᠮ ᠤᠨ ᠠᠵᠢᠯᠯᠠᠭ᠎ᠠ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃ |