ᠬᠦᠨᠪᠤᠯᠠᠭ ᠰᠤᠮᠤᠨ ᠤ ᠰᠢᠪᠠᠷᠳᠤ ᠭᠠᠴᠠᠭ᠎ᠠ ︽ᠵᠠᠷᠭᠤ ᠦᠭᠡᠢ ᠭᠠᠴᠠᠭ᠎ᠠ︾  ᠪᠤᠯᠤᠯ᠎ᠠ
ᠨᠡᠶᠢᠲᠡᠯᠡᠭᠰᠡᠨ ᠴᠠᠭ᠄
2023/9/19
 ᠵᠠᠷᠭᠤ ᠶᠢᠨ ᠢᠷᠡᠯᠲᠡ ᠶᠢᠨ ᠵᠠᠰᠠᠯᠳᠠ ᠶᠢᠨ ᠠᠵᠢᠯ ᠢ ᠠᠬᠢᠭᠤᠯᠬᠤ ᠪᠣᠯ ᠠᠷᠠᠳ ᠤᠨ ᠰᠢᠭᠦᠬᠦ ᠬᠤᠷᠢᠶᠠᠨ ᠤ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠴᠢᠬᠤᠯᠠ ᠠᠷᠭ᠎ᠠ ᠮᠠᠶ᠋ᠢᠭ ᠪᠤᠯᠤᠨ᠎ᠠ᠃ ᠣᠶᠢᠷ᠎ᠠ ᠳᠤ᠂  ᠲᠠᠶᠢᠹᠤᠰᠧ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠨᠢ ᠬᠦᠨᠪᠤᠯᠠᠭ ᠰᠤᠮᠤᠨ ᠤ ᠰᠢᠪᠠᠷᠳᠤ ᠭᠠᠴᠠᠭ᠎ᠠ ᠳᠤ ︽ᠵᠠᠷᠭᠤ ᠦᠭᠡᠢ ᠭᠠᠴᠠᠭ᠎ᠠ︾ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠵᠠᠢ᠃ ᠰᠢᠪᠠᠷᠳᠤ ᠭᠠᠴᠠᠭ᠎ᠠ ᠪᠣᠯ ᠰᠢᠭᠦᠬᠦ ᠬᠤᠷᠢᠶ᠎ᠠ ᠠᠴᠠ ᠵᠢᠶᠠᠨ ᠰᠢᠩ ᠨᠡᠶᠢᠭᠡᠮ ᠲᠣᠭᠤᠷᠢᠭ᠂ ᠳ᠋ᠠ ᠭᠧ ᠳ᠋ᠦᠩ ᠲᠣᠰᠬᠤᠨ  ᠂ ᠰᠢᠶᠤᠤ ᠪᠢᠶᠠᠨ ᠴᠢᠶᠠᠩ ᠲᠣᠰᠬᠤᠨ᠂ ᠱᠠᠩ ᠫᠢ ᠹᠠᠩ ᠲᠣᠰᠬᠤᠨ ᠵᠡᠷᠭᠡ ︽ᠵᠠᠷᠭᠤ ᠦᠬᠡᠢ ᠨᠡᠶᠢᠬᠡᠮ ᠲᠤᠭᠤᠷᠢᠭ︾ ︽ᠵᠠᠷᠭᠤ ᠦᠭᠡᠢ ᠲᠤᠰᠬᠤᠨ︾   ᠢ ᠪᠠᠶᠢᠭᠤᠯᠤᠭᠰᠠᠨ ᠤ ᠳᠠᠷᠠᠭ᠎ᠠ ᠬᠦᠨᠪᠤᠯᠠᠭ ᠰᠤᠮᠤᠨ ᠳᠤ ᠪᠠᠶᠢᠭᠤᠯᠤᠭᠰᠠᠨ ᠠᠩᠬᠠᠳᠠᠭᠴᠢ ︽ᠵᠠᠷᠭᠤ ᠦᠭᠡᠢ ᠭᠠᠴᠠᠭ᠎ᠠ︾ ᠪᠣᠯᠣᠨ᠎ᠠ᠃ ︽ ᠵᠠᠷᠭᠤ ᠦᠭᠡᠢ ᠭᠠᠴᠠᠭ᠎ᠠ︾ ᠶᠢ ᠡᠭᠦᠳᠦᠨ ᠪᠠᠶᠢᠭᠤᠯᠤᠭᠰᠠᠨ ᠶᠠᠪᠤᠳᠠᠯ ᠨᠢ ᠰᠢᠭᠦᠬᠦ  ᠬᠤᠷᠢᠶᠠᠨ ᠤ ᠵᠠᠷᠭᠤ ᠶᠢᠨ ᠢᠷᠡᠯᠲᠡ ᠶᠢᠨ ᠵᠠᠰᠠᠯᠲᠠ ᠶᠢᠨ ᠦᠷᠭᠦᠯᠵᠢᠯᠡᠯ ᠪᠠᠶᠢᠵᠤ᠂ ᠨᠠᠩ ᠴᠤ ᠨᠠᠮ ᠤᠨ ᠪᠠᠶᠢᠭᠤᠯᠤᠯᠲᠠ ᠶᠢᠨ ︽ ᠰᠢᠯᠢᠳᠡᠭ ᠢ ᠲᠠᠭᠤᠷᠢᠶᠠᠵᠤ  ᠲᠡᠷᠢᠭᠦᠨ ᠤ ᠬᠢ ᠶᠢ ᠡᠭᠦᠳᠬᠦ︾ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ ᠮᠥᠨ᠃ ︽ ᠵᠠᠷᠭᠤ ᠦᠭᠡᠢ ᠭᠠᠴᠠᠭ᠎ᠠ︾ ᠶᠢ ᠪᠠᠶᠢᠭᠤᠯᠤᠭᠰᠠᠨ  ᠤ ᠵᠣᠷᠢᠯᠭ᠎ᠠ ᠪᠤᠯ ᠠᠷᠠᠳ ᠣᠯᠠᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠠᠷᠭ᠎ᠠ ᠵᠠᠮ ᠢ ᠰᠠᠭᠠᠳ ᠦᠭᠡᠢ ᠨᠡᠪᠳᠡᠷᠡᠬᠦᠯᠦᠨ᠂ ᠵᠥᠷᠢᠴᠡᠯ ᠵᠢᠭᠤᠷᠠᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠵᠤ᠂  ᠵᠠᠷᠭᠤ ᠶᠢᠨ ᠢᠷᠡᠯᠲᠡ ᠶᠢ ᠦᠨᠳᠦᠰᠦᠨ ᠠᠴᠠ ᠨᠢ ᠵᠠᠰᠠᠬᠤ ᠶᠢᠨ ᠲᠥᠯᠥᠭᠡ ᠶᠤᠮ᠃  ᠬᠦᠨᠪᠤᠯᠠᠭ ᠰᠤᠮᠤᠨ ᠳᠤ ︽ ᠵᠠᠷᠭᠤ ᠦᠭᠡᠢ ᠭᠠᠴᠠᠭ᠎ᠠ︾ ᠶᠢ  ᠪᠠᠶᠢᠭᠤᠯᠤᠭᠰᠠᠨ ᠨᠢ ᠬᠠᠤᠯᠢ ᠶᠢᠨ ᠰᠢᠭᠦᠨ ᠲᠠᠰᠤᠯᠤᠯᠲᠠ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠬᠦᠳᠦᠨ ᠪᠠᠶᠢᠭᠤᠯᠬᠤ ᠠᠵᠢᠯ ᠳᠤ ᠬᠦᠴᠦᠨ ᠨᠡᠮᠡᠷᠢᠯᠡᠬᠦ ᠦᠨᠡᠨ ᠪᠣᠳᠠᠲᠠᠢ ᠠᠷᠭ᠎ᠠ ᠬᠡᠮᠵᠢᠶ᠎ᠡ ᠪᠠᠶᠢᠵᠤ ᠂ ᠦᠨᠳᠦᠰᠦᠲᠡᠨ ᠨᠦᠭᠦᠳ ᠤᠨ ᠠᠷᠠᠳ ᠲᠦᠮᠡᠨ ᠤ  ᠵᠠᠷᠭᠤᠯᠳᠤᠭᠠᠨ ᠤ ᠡᠷᠬᠡ ᠠᠰᠢᠭ ᠢ ᠭᠦᠢᠴᠡᠳ ᠪᠠᠲᠤᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠬᠠᠤᠯᠢ ᠪᠠᠷ ᠵᠠᠰᠠᠬᠤ ᠰᠠᠭᠤᠷᠢ ᠶᠢ ᠪᠠᠳᠤᠳᠬᠠᠭᠰᠠᠨ ᠪᠠᠶᠢᠨ᠎ᠠ᠃ ᠫᠠᠶᠢᠰᠠ ᠰᠡᠬᠦᠬᠦ ᠶᠣᠰᠣᠯᠠᠯ ᠤᠨ ᠳᠠᠷᠠᠭ᠎ᠠ᠂ ᠰᠢᠭᠦᠬᠦ ᠬᠤᠷᠢᠶᠠᠨ ᠤ ᠺᠠᠳ᠋ᠷ ᠴᠠᠭᠳᠠᠭ᠎ᠠ ᠨᠠᠷ ᠮᠠᠯᠴᠢᠨ ᠲᠦᠮᠡᠨ ᠳᠤ ︽ᠢᠷᠭᠡᠨ ᠤ ᠬᠠᠤᠯᠢ ᠶᠢᠨ ᠪᠢᠴᠢᠭ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠠᠷᠭ᠎ᠠ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂  ᠤᠯᠠᠨ ᠲᠦᠮᠡᠨ ᠤ ᠬᠠᠤᠯᠢ ᠶᠣᠰᠣᠭᠠᠷ ᠤᠬᠠᠭᠠᠯᠢᠭ ᠢᠶᠠᠷ ᠡᠷᠬᠡ ᠠᠰᠢᠭ ᠢᠶᠠᠨ ᠬᠠᠮᠠᠭᠠᠯᠠᠵᠤ᠂ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠡᠯ᠎ᠡ ᠵᠦᠢᠯ ᠤᠨ ᠵᠥᠷᠢᠴᠡᠯ ᠵᠢᠭᠤᠷᠠᠭᠠᠨ ᠢ ᠰᠢᠢᠳᠪᠦᠷᠢᠯᠡᠬᠦ ᠶᠢ ᠰᠤᠷᠴᠤ᠂ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠭᠡᠷᠡᠭᠳᠡᠢ ᠬᠡᠵᠦ ᠤᠷᠢᠶᠠᠯᠠᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号