9 ᠳ᠋ᠤᠭᠡᠷ ᠰᠠᠷ᠎ᠠ ᠪᠣᠯ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ | ᠪᠣᠯᠣᠨ᠎ᠠ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭᠠᠨ ᠤ ᠰᠠᠷ᠎ᠠ ᠶᠢᠨ ᠠᠵᠢᠯ ᠢ ᠰᠠᠶᠢᠲᠤᠷ | ᠥᠷᠨᠢᠭᠦᠯᠬᠦ ᠶᠢᠨ ᠲᠥᠯᠥᠭᠡ᠂ 9 ᠰᠠᠷ᠎ᠠ ᠶᠢᠨ 19 ᠤ ᠡᠳᠦᠷ ᠰᠢᠩ ᠹᠦ᠋ ᠰᠢᠶᠠᠩ ᠤᠨ ᠬᠢᠨ ᠬᠤᠰᠢᠭᠤᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠠᠢ ᠬᠠᠮᠲᠤᠷᠠᠨ ︽ᠨᠠᠮ ᠤᠨ ᠢᠶᠠᠨ ᠠᠴᠢ ᠳᠤ ᠲᠠᠯᠠᠷᠬᠠᠵᠤ ᠨᠠᠮ ᠢᠶᠠᠨ | ᠳᠠᠭᠠᠵᠤ ᠤᠷᠤᠭᠰᠢᠯᠠᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ | ᠵᠢᠱᠢᠶ᠎ᠡ ᠦᠵᠡᠭᠦᠯᠬᠦ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠡᠢ᠃ ᠠᠵᠢᠯᠯᠠᠭ᠎ᠠ ᠳᠤ ᠣᠷᠣᠯᠴᠠᠭᠰᠠᠳ ᠰᠢᠩ | ᠹᠦ᠋ ᠰᠢᠶᠠᠩ ᠤᠨ ᠬᠠᠷᠢᠶ᠎ᠠ ᠣᠷᠣᠨ ᠳᠤ ᠭᠦᠨᠵᠡᠭᠡᠶᠢᠷᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠶᠢ ᠠᠬᠢᠭᠤᠯᠬᠤ | ᠳᠦᠷᠢᠮ︾ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ︾ ᠪᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠠᠭᠤᠯᠭ᠎ᠠ ᠶᠢᠨ ᠲᠤᠬᠠᠢ ᠣᠯᠠᠨ | ᠲᠦᠮᠡᠨ ᠳᠤ ᠲᠠᠶᠢᠯᠤᠮᠵᠢ ᠬᠢᠭᠰᠡᠨ ᠪᠦᠭᠡᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ ᠳᠠᠷᠠᠭᠠᠴᠢ ᠶᠢᠨ | ᠠᠯᠬᠤᠮ ᠳᠤ᠂ ᠰᠢᠩ ᠹᠦ᠋ ᠰᠢᠶᠠᠩ ᠤᠨ ᠬᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ | ᠦᠷᠭᠦᠯᠵᠢᠯᠡᠨ ᠭᠦᠨᠵᠡᠭᠡᠢ ᠠᠬᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠵᠢᠯᠤᠭᠤᠳᠤᠨ | ᠠᠨᠠᠷ ᠤᠨ ᠦᠷ᠎ᠡ ᠰᠢᠭ ᠨᠢᠬᠳᠠᠷᠠᠭᠤᠯᠤᠨ ᠪᠦᠯᠬᠦᠮᠳᠡᠬᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠶᠢᠨ | ᠰᠠᠶᠢᠬᠠᠨ ᠪᠠᠶᠢᠳᠠᠯ ᠢ ᠦᠨᠡᠨᠬᠦ ᠪᠠᠬᠢᠵᠢᠭᠦᠯᠦᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠬᠦ ᠪᠠᠷ ᠪᠠᠶᠢᠨ᠎ᠠ᠃ |