ᠠᠷᠢᠭᠤᠨ ᠴᠢᠬᠡᠴᠢ ᠪᠠᠷ ᠴᠡᠷᠢᠭ ᠡᠯᠰᠡᠬᠦ ᠢᠯᠡ ᠵᠠᠬᠢᠳᠠᠯ
ᠨᠡᠶᠢᠲᠡᠯᠡᠭᠰᠡᠨ ᠴᠠᠭ᠄
2023/9/2
ᠪᠥᠬᠦ ᠬᠤᠰᠢᠭᠤᠨ ᠤ ᠥᠷᠭᠡᠨ ᠣᠯᠠᠨ ᠴᠡᠷᠢᠭ ᠲᠤ ᠡᠯᠰᠡᠭᠳᠡᠬᠦ ᠵᠠᠯᠠᠭᠤᠴᠤᠳ ᠪᠠ ᠭᠡᠷ ᠤᠨ ᠠᠬᠠᠮᠠᠳ ᠲᠤ᠄    ᠲᠠ ᠨᠠᠷ ᠰᠠᠶᠢᠨ ᠪᠠᠶᠢᠨ᠎ᠠ ᠤᠤ︕ ᠬᠠᠤᠯᠢ ᠶᠣᠰᠣᠭᠠᠷ ᠴᠡᠷᠢᠭ ᠤᠨ ᠠᠯᠪᠠ ᠬᠠᠭᠠᠬᠤ ᠪᠣᠯ ᠵᠠᠯᠠᠭᠤᠴᠤᠳ ᠨᠢᠭᠡᠪᠦᠷᠢ ᠶᠢᠨ ᠭᠦᠢᠴᠡᠳᠬᠡᠪᠡᠰᠦ ᠵᠣᠬᠢᠬᠤ ᠡᠭᠦᠷᠭᠡ᠂ ᠴᠡᠷᠢᠭ ᠲᠤ ᠣᠷᠣᠵᠤ ᠤᠯᠤᠰ ᠲᠠᠭᠠᠨ ᠵᠢᠳᠬᠦᠬᠦ ᠪᠣᠯ ᠬᠦᠰᠡᠯ ᠵᠣᠷᠢᠯᠲᠠ ᠲᠠᠢ ᠵᠠᠯᠠᠭᠤᠴᠤᠳ ᠨᠢᠭᠡᠪᠦᠷᠢ ᠶᠢᠨ ᠢᠷᠠᠭᠤ ᠠᠯᠳᠠᠷᠲᠤ ᠰᠣᠩᠭᠤᠯᠲᠠ ᠪᠢᠯᠡ᠂ ᠪᠢᠳᠡ ᠪᠥᠬᠦ ᠬᠤᠰᠢᠭᠤᠨ ᠤ ᠥᠷᠭᠡᠨ ᠣᠯᠠᠨ ᠵᠠᠯᠠᠭᠤᠴᠤᠳ ᠤᠨ ᠢᠳᠡᠪᠬᠢᠲᠡᠢ ᠪᠠᠷ ᠨᠡᠷ᠎ᠡ ᠮᠡᠳᠡᠭᠦᠯᠵᠦ ᠴᠡᠷᠢᠭ ᠲᠤ ᠤᠷᠤᠬᠤ ᠶᠢ ᠬᠠᠯᠠᠭᠤᠨ ᠢᠶᠠᠷ ᠤᠭᠲᠤᠵᠤ ᠪᠠᠶᠢᠨᠠᠮ︕    ᠴᠡᠷᠢᠭ ᠡᠯᠰᠡᠬᠦ ᠪᠣᠯ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ ᠦᠨᠳᠦᠰᠦᠨ ᠢᠨᠵᠧᠨᠧᠷᠢᠩ᠂ ᠴᠡᠷᠢᠭ ᠠᠩᠭᠢ ᠶᠢ ᠡᠬᠢ ᠰᠤᠷᠪᠤᠯᠵᠢ ᠠᠴᠠ ᠨᠢ ᠴᠡᠪᠡᠷᠰᠢᠭᠦᠯᠦᠨ ᠪᠠᠬᠢᠵᠢᠭᠦᠯᠬᠦ᠂ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ  ᠂ ᠨᠢᠭᠡᠨ ᠵᠦᠢᠯ ᠤᠨ ᠲᠥᠪ ᠴᠢᠩᠭ᠎ᠠ ᠤᠯᠤᠰ ᠲᠦᠷᠦ ᠶᠢᠨ ᠡᠭᠦᠷᠭᠡ ᠮᠥᠨ᠃   ᠰᠠᠬᠢᠯᠭ᠎ᠠ ᠪᠠᠲᠤ ᠬᠠᠤᠯᠢ ᠲᠦᠷᠢᠮ ᠢ ᠵᠢᠷᠤᠮᠯᠠᠵᠤ᠂ ᠢᠯᠡ ᠲᠣᠳᠣ ᠡᠷᠬᠡ ᠲᠡᠭᠰᠢ ᠲᠥᠪ ᠭᠤᠣᠯᠴᠢ ᠪᠠᠶᠢᠬᠤ ᠪᠣᠯ ᠴᠡᠷᠢᠭ ᠡᠯᠰᠡᠬᠦ ᠠᠵᠢᠯ ᠤᠨ ᠦᠨᠳᠦᠰᠦᠨ ᠱᠠᠭᠠᠷᠳᠠᠯᠭ᠎ᠠ᠂ ᠴᠡᠷᠢᠭ ᠠᠩᠭᠢ ᠪᠠ ᠣᠷᠣᠨ ᠨᠤᠲᠤᠭ ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠤᠯᠤᠰ ᠲᠥᠷᠥ ᠶᠢᠨ ᠬᠠᠷᠢᠭᠤᠴᠠᠯᠭ᠎ᠠ᠂ ᠮᠥᠨ ᠴᠦ ᠥᠷᠭᠡᠨ ᠤᠯᠠᠨ ᠴᠡᠷᠢᠭ ᠲᠤ ᠡᠯᠰᠡᠭᠳᠡᠬᠦ ᠵᠠᠯᠠᠭᠤᠴᠤᠳ ᠵᠢᠴᠢ ᠭᠡᠷ ᠤᠨ ᠠᠬᠠᠮᠠᠳ ᠤᠨ ᠬᠠᠮᠲᠤ ᠶᠢᠨ ᠬᠦᠰᠡᠯ ᠡᠷᠡᠮᠡᠯᠵᠡᠯ ᠮᠥᠨ᠃ ᠪᠢᠳᠡ ᠡᠷᠭᠡᠪᠰᠢ ᠤᠯᠤᠰ ᠲᠦᠷᠦ ᠪᠠ ᠪᠦᠬᠦ ᠲᠠᠯ᠎ᠠ ᠶᠢᠨ ᠥᠨᠳᠥᠷᠴᠡ  ᠠᠴᠠ ᠨᠠᠮ ᠤᠨ ᠦᠢᠯᠡᠰ ᠪᠠ ᠴᠡᠷᠢᠭ ᠠᠩᠭᠢ ᠶᠢᠨ ᠪᠠᠶᠢᠭᠤᠯᠤᠯᠲᠠ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠢᠭᠤᠨ ᠴᠢᠬᠡᠴᠢ ᠪᠠᠷ ᠴᠡᠷᠢᠭ ᠡᠯᠰᠡᠬᠦ  ᠠᠵᠢᠯ ᠢ ᠴᠢᠩᠭ᠎ᠠ  ᠮᠦᠷᠳᠡᠭᠡᠨ ᠪᠣᠳᠠᠲᠠᠢ ᠠᠳᠬᠤᠵᠤ᠂ ᠴᠡᠷᠢᠭ ᠡᠯᠰᠡᠬᠦ ᠠᠵᠢᠯ ᠤᠨ ᠳᠤᠮᠳᠠᠬᠢ ︽ᠪᠢᠴᠢᠯ ᠢᠯᠵᠠᠷᠠᠯ︾  ᠢ  ᠵᠠᠯᠠᠷᠠᠭᠤᠯᠤᠨ᠂ ᠴᠡᠷᠢᠭ ᠡᠯᠰᠡᠬᠦ ᠰᠠᠬᠢᠯᠭ᠎ᠠ ᠲᠦᠷᠢᠮ ᠢ ᠵᠥᠷᠢᠴᠡᠭᠰᠡᠨ ᠬᠥᠮᠥᠨ ᠪᠠ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠭᠡᠷᠡᠭᠳᠡᠢ᠃     ᠴᠡᠷᠢᠭ ᠲᠤ ᠣᠷᠣᠬᠤ ᠪᠣᠯ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠪᠢ ᠨᠡᠮᠡᠷᠢ ᠪᠠᠨ ᠦᠵᠡᠭᠦᠯᠵᠦ ᠪᠠᠶᠢᠭ᠎ᠠ ᠶᠠᠪᠤᠳᠠᠯ ᠮᠥᠨ᠂  ᠮᠥᠩᠭᠦ ᠵᠤᠭᠤᠰ ᠵᠠᠷᠤᠭᠰᠠᠨ ᠤ ᠬᠡᠷᠡᠭ ᠦᠭᠡᠢ᠂  ᠰᠢᠷᠡᠭᠡ ᠵᠠᠰᠠᠵᠤ  ᠪᠡᠯᠡᠭ ᠬᠦᠷᠭᠡᠭᠰᠡᠨ  ᠤ ᠬᠡᠷᠡᠭ ᠦᠭᠡᠢ᠂ ᠶᠠᠮᠠᠷ ᠴᠤ ᠰᠦᠢᠳᠬᠡᠯ ᠲᠤᠰᠢᠶᠠᠬᠤ ᠴᠢᠬᠤᠯᠠ ᠦᠭᠡᠢ᠃  ᠪᠡᠶ᠎ᠡ ᠶᠢᠨ ᠪᠠᠶᠢᠴᠠᠭᠠᠯᠲᠠ᠂ ᠤᠯᠤᠰ ᠲᠥᠷᠥ ᠶᠢᠨ ᠬᠢᠨᠠᠨ ᠪᠠᠶᠢᠴᠠᠭᠠᠯᠲᠠ᠂ ᠴᠡᠷᠢᠭ ᠤᠨ ᠠᠯᠪᠠᠨ ᠠᠴᠠ ᠡᠮᠦᠨᠡᠬᠢ ᠪᠣᠯᠪᠠᠰᠤᠷᠠᠯ᠂ ᠡᠴᠦᠰ ᠤᠨ ᠬᠢᠨᠠᠨ ᠲᠤᠭᠳᠠᠭᠠᠯᠳᠠ ᠵᠡᠷᠭᠡ ᠡᠯ᠎ᠡ ᠭᠤᠭᠴᠤᠭ᠎ᠠ ᠳᠤ᠂ ᠬᠡᠷᠪᠡ ᠵᠠᠷᠢᠮ ᠬᠥᠮᠥᠨ ᠲᠥᠷᠥ   ᠶᠢᠨ ᠪᠣᠳᠣᠯᠭ᠎ᠠ  ᠬᠠᠤᠯᠢ ᠲᠦᠷᠢᠮ   ᠠᠴᠠ ᠵᠥᠷᠢᠴᠡᠵᠦ᠂  ᠴᠡᠷᠢᠭ ᠡᠯᠰᠡᠬᠦ ᠭᠦᠢᠴᠡᠳᠬᠡᠯ ᠲᠤᠭ᠎ᠠ ᠳᠤ ᠳᠤᠷ᠎ᠠ ᠪᠠᠷ ᠢᠶᠠᠨ ᠲᠣᠬᠢᠷᠠᠭᠤᠯᠤᠯᠲᠠ ᠬᠢᠭᠰᠡᠨ᠂  ᠴᠡᠷᠢᠭ ᠡᠯᠰᠡᠬᠦ  ᠨᠥᠬᠦᠴᠡᠯ ᠪᠠᠷᠢᠮᠵᠢᠶ᠎ᠠ ᠶᠢ ᠳᠤᠷ᠎ᠠ ᠪᠠᠷ ᠢᠶᠠᠨ ᠦᠬᠡᠷᠡᠴᠢᠯᠡᠭᠰᠡᠨ᠂ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠦᠭᠰᠡᠨ᠂ ᠳᠠᠯᠳᠠᠭᠤᠷ ᠵᠢᠯᠤᠭᠤᠳᠤᠭᠰᠠᠨ᠂ ᠵᠣᠷᠢᠭᠤᠳᠠ ᠭᠠᠴᠢᠭᠰᠠᠨ᠂ ᠴᠢᠨᠠᠭᠰᠢᠯᠠᠪᠠᠯ ᠵᠤᠭᠤᠰ ᠮᠦᠩᠬᠦ ᠡᠳ᠋ ᠪᠤᠳᠠᠰ ᠬᠢᠬᠠᠨ   ᠠᠪᠤᠭᠰᠠᠨ ᠵᠡᠷᠭᠡ  ᠬᠠᠤᠯᠢ ᠪᠤᠰᠤ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠢ  ᠳᠤᠨᠢ ᠢᠯᠡᠴᠢᠯᠡᠨ ᠮᠡᠳᠡᠭᠦᠯᠦᠭᠡᠷᠡᠢ᠂ ᠪᠢᠳᠡ ᠯᠠᠪᠲᠠᠶ᠎ᠠ ᠴᠢᠩᠭ᠎ᠠ ᠨᠢᠮᠪᠠᠢ ᠪᠠᠶᠢᠴᠠᠭᠠᠵᠤ ᠰᠢᠢᠳᠪᠦᠷᠢᠯᠡᠬᠦ ᠶᠢᠨ ᠬᠠᠮᠲᠤ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠬᠠᠮᠠᠭᠠᠯᠠᠨ᠎ᠠ᠃    ᠥᠷᠭᠡᠨ ᠤᠯᠠᠨ ᠴᠡᠷᠢᠭ ᠲᠤ ᠡᠯᠰᠡᠭᠳᠡᠬᠦ ᠵᠠᠯᠠᠭᠤᠴᠤᠳ ᠵᠢᠴᠢ ᠭᠡᠷ ᠤᠨ ᠠᠬᠠᠮᠠᠳ ᠤᠨ ᠮᠠᠨ ᠤ ᠠᠵᠢᠯ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠬᠤ   ᠶᠢᠨ ᠬᠠᠮᠳᠤ᠂ ᠤᠯᠠᠨ ᠢᠶᠠᠷ ᠢᠶᠠᠨ ᠴᠡᠷᠢᠭ ᠡᠯᠰᠡᠬᠦ ᠰᠠᠬᠢᠯᠭ᠎ᠠ  ᠲᠦᠷᠢᠮ ᠢ ᠴᠢᠩᠭ᠎ᠠ ᠵᠢᠷᠤᠮᠯᠠᠵᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠶᠢ ᠬᠦᠰᠡᠵᠦ ᠪᠠᠶᠢᠨ᠎ᠠ᠃  ᠵᠣᠭᠤᠰ ᠮᠥᠩᠭᠦ ᠡᠳ᠋ ᠪᠣᠳᠠᠰ ᠬᠦᠷᠭᠡᠵᠦ᠂ ᠵᠦᠢ ᠪᠤᠰᠤ ᠠᠷᠭ᠎ᠠ ᠵᠠᠮ ᠢᠶᠠᠷ ᠴᠡᠷᠢᠭ ᠲᠤ ᠤᠷᠤᠪᠠᠯ᠂ ᠲᠤᠬᠠᠢ ᠶᠢᠨ ᠬᠥᠮᠥᠨ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠠᠮᠤᠭ ᠰᠡᠬᠦᠯ ᠳᠤᠨᠢ᠂ ᠲᠠ ᠪᠦᠬᠦᠨ ᠤ ᠰᠠᠨᠠᠭᠰᠠᠨ ᠭᠡᠷᠡᠭ ᠰᠡᠳᠬᠢᠯᠴᠢᠯᠡᠨ ᠪᠦᠳᠦᠵᠦ᠂ ᠴᠡᠷᠢᠭ ᠠᠩᠬᠢ ᠳᠤ ᠤᠷᠤᠵᠤ᠂ ᠭᠠᠪᠢᠶ᠎ᠠ ᠵᠢᠳᠬᠦᠯ ᠪᠠᠶᠢᠭᠤᠯᠤᠨ᠂  ᠡᠬᠡ ᠤᠯᠤᠰ ᠢᠶᠠᠨ ᠪᠠᠳᠤᠯᠠᠨ ᠬᠠᠮᠠᠭᠠᠯᠠᠬᠤ  ᠡᠬᠦᠷᠭᠡ ᠬᠠᠷᠢᠭᠤᠴᠠᠯᠭ᠎ᠠ ᠬᠦᠰᠡᠯ ᠵᠤᠷᠢᠯᠳᠠ ᠪᠠᠨ ᠪᠡᠶᠡᠯᠡᠭᠦᠯᠬᠦ ᠶᠢ ᠬᠦᠰᠡᠨ ᠵᠥᠩᠨᠡᠶ᠎ᠡ᠃          ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠡᠷᠢᠭ ᠡᠯᠰᠡᠬᠦ ᠠᠯᠪᠠᠨ ᠭᠡᠷ          ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ                                2023 ᠣᠨ ᠤ 9 ᠰᠠᠷ᠎ᠠ ᠶᠢᠨ 1    ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠳᠠᠰᠤ᠄    ᠲᠠᠶᠢᠹᠤᠰᠧ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ 0479 ︱ 3757190    ᠲᠠᠶᠢᠹᠤᠰᠧ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠣᠷᠪᠤᠯᠵᠢᠯᠠᠭ᠎ᠠ ᠶᠢᠨ ᠲᠠᠰᠤᠭ 0479 ︱ 5238133    ᠲᠠᠶᠢᠹᠤᠰᠧ ᠬᠤᠰᠢᠭᠤᠨ ᠤ ᠠᠷᠢᠭᠤᠨ ᠴᠢᠬᠡᠴᠢ ᠪᠠᠷ ᠴᠡᠷᠢᠭ ᠡᠯᠰᠡᠬᠦ ᠳᠤ ᠬᠢᠨᠠᠯᠳᠠ ᠲᠠᠯᠪᠢᠭᠴᠢ᠄    ᠹᠠᠨ ᠵᠢᠦᠢ ᠾᠧᠩ     ᠲᠠᠶᠢᠹᠤᠰᠧ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ 15047917451    ᠵᠠᠩ ᠳ᠋ᠦᠩ ᠱᠧᠩ    ᠲᠠᠶᠢᠹᠤᠰᠧ ᠬᠤᠰᠢᠭᠤᠨ ᠤ ᠠᠷᠠᠳ ᠤᠨ ᠲᠥᠯᠥᠭᠡᠯᠡᠭᠴᠢ 13948793369    ᠰᠢᠶᠣᠣ ᠹᠠᠩ          ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠬᠦᠨ 15247925662    ᠸᠠᠩ ᠺᠦᠨ           ᠴᠡᠷᠢᠭ ᠠᠴᠠ ᠬᠠᠯᠠᠭᠳᠠᠭᠰᠠᠨ ᠰᠠᠶᠢᠨ ᠲᠤᠷᠠᠳᠠᠨ 15335692555    ᠳ᠋ᠦᠩ ᠼᠦᠨ ᠮᠢᠩ    ᠬᠠᠯᠠᠭᠤᠨ ᠰᠡᠳᠬᠢᠯᠳᠦ ᠤᠯᠠᠨ ᠲᠦᠮᠡᠨ 13614797744
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号