ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/20
   9 ᠰᠠᠷ᠎ᠠ ᠶᠢᠨ 19 ᠤ ᠡᠳᠦᠷ᠂ ᠪᠥᠬᠦ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠢ ᠡᠷᠬᠢᠯᠡᠪᠡ᠃ ᠬᠤᠷᠠᠯ ᠲᠡᠭᠡᠷ᠎ᠡ᠂ ᠪᠥᠬᠦ ᠬᠤᠰᠢᠭᠤᠨ ᠤ 2023 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ  ᠪᠠᠶᠢᠭᠤᠯᠤᠯᠲᠠ᠂ ᠲᠣᠭᠲᠠᠮᠠᠯ ᠬᠦᠷᠦᠩᠬᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠪᠠ 2024 ᠣᠨ ᠤ ᠠᠩᠬ᠎ᠠ ᠠᠯᠬᠤᠮ ᠤᠨ ᠲᠣᠬᠢᠷᠠᠭᠤᠯᠤᠯᠲᠠ ᠶᠢ ᠨᠡᠶᠢᠳᠡᠯᠡᠨ ᠮᠡᠳᠡᠭᠳᠡᠵᠡᠢ᠃ ᠬᠤᠷᠠᠯ ᠠᠴᠠ᠂ ᠪᠦᠬᠦ ᠬᠤᠰᠢᠭᠤ ᠪᠠᠷ ᠢᠶᠠᠨ ᠲᠥᠷᠥᠯ ᠵᠦᠢᠯ ᠤᠨ ᠪᠠᠶᠢᠭᠤᠯᠤᠯᠲᠠ ᠶᠢ ᠠᠳᠬᠤᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠦᠵᠡᠯ ᠰᠠᠨᠠᠭ᠎ᠠ ᠪᠠᠨ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠠᠵᠠ ᠲᠣᠬᠢᠶᠠᠯ ᠢ ᠡᠵᠡᠮᠳᠡᠵᠦ᠂  ᠦᠨᠡᠨ ᠪᠤᠳᠠᠳᠠᠢ  ᠠᠵᠢᠯᠯᠠᠨ᠂  ᠲᠦᠷᠦᠯ ᠵᠦᠢᠯ ᠤᠨ  ᠪᠠᠶᠢᠭᠤᠯᠤᠯᠲᠠ ᠬᠢᠭᠡᠳ ᠲᠦᠷᠦᠯ ᠵᠦᠢᠯ ᠤᠨ ᠨᠥᠭᠡᠴᠡᠯᠡᠯᠲᠡ ᠶᠢᠨ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠡᠯ᠎ᠡ ᠲᠦᠷᠦᠯ ᠤᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ᠂ ᠡᠨᠡ ᠵᠢᠯ ᠤᠨ ᠬᠠᠷᠠᠯᠲᠠ ᠪᠠᠨ ᠤᠷᠤᠭᠰᠢᠲᠠᠢ ᠪᠡᠶᠡᠯᠡᠭᠦᠯᠵᠦ᠂ ᠢᠷᠡᠬᠦ ᠵᠢᠯ ᠤᠨ  ᠠᠵᠢᠯ ᠡᠭᠦᠷᠭᠡ ᠶᠢᠨ ᠡᠮᠬᠢ ᠵᠢᠷᠤᠮ ᠲᠠᠢ ᠠᠬᠢᠬᠤ ᠶᠢ ᠪᠠᠲᠤᠯᠠᠬᠤ ᠬᠡᠷᠡᠭᠲᠡᠢ᠃ ᠲᠥᠷᠥᠯ ᠵᠦᠢᠯ ᠢ ᠴᠢᠩᠭ᠎ᠠ ᠠᠳᠬᠤᠬᠤ ᠴᠤᠭ ᠰᠦᠯᠳᠡ ᠶᠢ ᠢᠯᠡᠷᠡᠭᠦᠯᠵᠦ᠂ ᠠᠵᠢᠯ ᠤᠨ ᠰᠤᠷᠲᠠᠯ ᠢᠶᠠᠨ ᠬᠤᠪᠢᠷᠠᠭᠤᠯᠤᠨ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠥᠮᠥᠨ ᠬᠡᠷᠡᠭᠯᠡᠬᠦ ᠤᠳᠤᠷᠢᠳᠤᠮᠵᠢ ᠶᠢ ᠪᠣᠶ ᠪᠣᠯᠭᠠᠵᠤ᠂ ᠱᠠᠩᠨᠠᠵᠤ ᠲᠣᠷᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠦ᠂ ᠰᠢᠯᠢᠳᠡᠭ ᠠᠮᠵᠢᠯᠳᠠ ᠪᠦᠲᠦᠮᠵᠢ ᠪᠠᠷ ᠢᠶᠠᠨ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠤᠳᠤᠷᠢᠳᠤᠯᠭ᠎ᠠ᠂ ᠰᠤᠮᠤ ᠰᠢᠶᠠᠩ ᠪᠠᠯᠭᠠᠰᠤ᠂ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号