ᠡᠨᠡ ᠵᠢᠯ ᠤᠨ 9 ᠳ᠋ᠤᠭᠡᠷ ᠰᠠᠷ᠎ᠠ ᠪᠣᠯ ᠪᠥᠬᠦ ᠣᠷᠣᠨ ᠤ ᠲᠦᠴᠢᠳᠡᠬᠢ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠠᠵᠢᠯᠯᠠᠭᠠᠨ ᠤ ᠰᠠᠷ᠎ᠠ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ | ᠪᠠᠳᠤᠳᠬᠠᠨ᠂ ᠨᠡᠶᠢᠭᠡᠮ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ 9 ᠰᠠᠷ᠎ᠠ ᠶᠢᠨ | 19 ᠤ ᠡᠳᠦᠷ ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠬᠤᠰᠢᠭᠤᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠠᠢ ᠬᠠᠮᠲᠤᠷᠠᠨ ︽ᠨᠠᠮ ᠤᠨ ᠢᠶᠠᠨ ᠠᠴᠢ ᠳᠤ | ᠲᠠᠯᠠᠷᠬᠠᠵᠤ ᠨᠠᠮ ᠢᠶᠠᠨ ᠳᠠᠭᠠᠵᠤ ᠤᠷᠤᠭᠰᠢᠯᠠᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠠᠶᠢᠭᠤᠯᠬᠤ ᠳᠤ ᠵᠢᠱᠢᠶ᠎ᠡ ᠦᠵᠡᠭᠦᠯᠬᠦ︾ ᠪᠠᠷ ᠭᠤᠣᠯ ᠰᠡᠳᠦᠪ ᠪᠣᠯᠭᠠᠭᠰᠠᠨ ᠦᠨᠳᠦᠰᠦᠲᠡᠨ ᠤ ᠪᠦᠯᠬᠦᠮᠳᠡᠯ ᠢ | ᠭᠠᠴᠠᠭ᠎ᠠ ᠲᠤᠰᠬᠤᠨ ᠳᠤ ᠬᠦᠷᠭᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ ᠤᠬᠠᠭᠤᠯᠬᠤ ᠪᠦᠯᠬᠦᠮ ᠤᠨ ᠬᠢᠨ | ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠵᠦ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ᠂ ᠣᠯᠠᠨ ᠲᠦᠮᠡᠨ ᠲᠠᠢ ᠨᠢᠭᠤᠷᠳᠠᠨ ᠶᠠᠷᠢᠯᠴᠠᠬᠤ ᠬᠡᠯᠪᠡᠷᠢ ᠪᠠᠷ ᠨᠠᠮ ᠪᠠ ᠤᠯᠤᠰ ᠤᠨ | ᠦᠨᠳᠦᠰᠦᠲᠡᠨ ᠤ ᠪᠦᠯᠬᠦᠮᠳᠡᠯ ᠤᠨ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠲᠦᠷᠢᠮ ᠲᠣᠭᠲᠠᠭᠠᠯ ᠢ | ᠡᠯ᠎ᠡ ᠦᠨᠳᠦᠰᠦᠲᠡᠨ ᠤ ᠣᠯᠠᠨ ᠲᠦᠮᠡᠨ ᠳᠤ ᠲᠠᠶᠢᠯᠪᠤᠷᠢᠯᠠᠨ ᠥᠭᠴᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠦᠨᠳᠦᠰᠦᠲᠡᠨ ᠤ ᠪᠦᠯᠬᠦᠮᠳᠡᠯ ᠤᠨ ᠦᠵᠡᠯ ᠤᠬᠠᠮᠰᠠᠷ ᠢ | ᠬᠦᠮᠦᠨ ᠠᠷᠠᠳ ᠤᠨ ᠰᠡᠳᠬᠢᠯ ᠳᠤ ᠬᠠᠳᠠᠩᠰᠢᠭᠤᠯᠵᠠᠢ᠃ ᠠᠵᠢᠯᠳᠠᠳ ᠠᠴᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ | ᠵᠡᠷᠭᠡ ᠤᠬᠠᠭᠤᠯᠭ᠎ᠠ ᠶᠢᠨ ᠮᠠᠲ᠋ᠧᠷᠢᠶᠠᠯ 500 ᠭᠠᠷᠤᠢ ᠳᠡᠪᠲᠡᠷ᠂ ᠪᠦᠰ ᠤᠭᠤᠲᠠ᠂ ᠴᠠᠭᠠᠰᠤᠨ ᠬᠠᠶᠢᠷᠴᠠᠭ ᠵᠡᠷᠭᠡ | ᠤᠬᠠᠭᠤᠯᠭ᠎ᠠ ᠶᠢᠨ ᠮᠠᠲ᠋ᠧᠷᠢᠶᠠᠯ 300 ᠭᠠᠷᠤᠢ ᠬᠤᠪᠢ ᠲᠠᠷᠬᠠᠭᠠᠭᠰᠠᠨ ᠪᠦᠭᠡᠳ ᠲᠠᠷᠢᠶᠠᠯᠠᠩ ᠤᠨ ᠮᠡᠷᠭᠡᠵᠢᠯ᠂ ᠠᠮᠤ | ᠪᠤᠳᠠᠭᠠᠨ ᠤ ᠠᠮᠤᠷ ᠲᠦᠪᠰᠢᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ᠂ ᠲᠠᠷᠢᠶᠠᠯᠠᠩ ᠤᠨ ᠮᠠᠰᠢᠨ ᠤ | ᠠᠰᠢᠭᠯᠠᠯᠳᠠ ᠵᠡᠷᠭᠡ ᠶᠢ ᠪᠠᠭᠳᠠᠭᠠᠭᠰᠠᠨ ᠡᠯ᠎ᠡ ᠲᠦᠷᠦᠯ ᠤᠨ ᠤᠬᠠᠭᠤᠯᠭ᠎ᠠ ᠶᠢᠨ ᠬᠠᠭᠤᠳᠠᠰᠤ ᠪᠠ ᠮᠡᠷᠭᠡᠵᠢᠯ ᠤᠨ ᠭᠠᠷ | ᠠᠪᠤᠯᠭ᠎ᠠ ᠶᠢ 300 ᠭᠠᠷᠤᠢ ᠬᠤᠪᠢ ᠲᠠᠷᠬᠠᠭᠠᠭᠰᠠᠨ ᠪᠠᠶᠢᠨ᠎ᠠ᠃ ᠲᠠᠶᠢᠹᠤᠰᠧ ᠬᠤᠰᠢᠭᠤᠨ ᠤ ᠦᠨᠳᠦᠰᠦᠲᠡᠨ ᠤ | ᠬᠡᠷᠡᠭ ᠡᠷᠬᠢᠯᠡᠬᠦᠬᠦ ᠵᠥᠪᠯᠡᠯ ᠨᠢ ᠬᠤᠶᠢᠰᠢᠳᠠ ᠨᠡᠩ ᠣᠯᠠᠨ ᠰᠠᠯᠠᠭ᠎ᠠ ᠮᠥᠴᠢᠷ ᠲᠠᠢ ᠬᠤᠯᠪᠤᠭᠠᠯᠠᠵᠤ ᠪᠠᠶᠢᠭᠠᠳ ᠡᠯᠪᠡᠭ | ᠪᠠᠶᠠᠯᠢᠭ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ | ᠦᠷᠨᠢᠬᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠶᠢ ᠡᠬᠦᠳᠦᠭᠰᠡᠨ | ᠬᠥᠭᠵᠢᠯᠲᠡ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ | ᠣᠯᠠᠨ ᠲᠦᠮᠡᠨ ᠢ ᠠᠨᠠᠷ ᠤᠨ ᠦᠷ᠎ᠡ ᠰᠢᠭ ᠨᠢᠭᠲᠠᠷᠠᠭᠤᠯᠤᠨ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠰᠠᠶᠢᠨ ᠰᠠᠶᠢᠬᠠᠨ ᠪᠠᠶᠢᠳᠠᠯ ᠢ ᠦᠨᠡᠨᠬᠦ ᠪᠠᠲᠤᠳᠬᠠᠨ ᠬᠥᠭᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠳᠤ ᠬᠦᠴᠦᠨ | ᠴᠢᠳᠠᠯ ᠢᠶᠠᠨ ᠨᠡᠮᠡᠷᠢᠯᠡᠬᠦ ᠪᠠᠷ ᠪᠠᠶᠢᠨ᠎ᠠ᠃ |