ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/21
  9 ᠰᠠᠷ᠎ᠠ ᠶᠢᠨ 20 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠪᠠ᠃ ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠤᠨ ᠵᠥᠪᠯᠡᠬᠦ ᠵᠦᠢᠯ ︵ᠲᠥᠰᠥᠯ︶ ᠢ ᠬᠢᠨᠠᠨ ᠵᠥᠪᠯᠡᠵᠦ ᠪᠠᠳᠤᠯᠠᠭᠰᠠᠨ ᠪᠦᠭᠡᠳ  ᠰᠦᠨ ᠱᠤᠤ ᠴᠧᠩ ᠱᠦᠵᠢ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾  ᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ᠂ ︽ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ  ᠭᠡᠰᠢᠬᠦᠳ ᠤᠨ ᠦᠢᠯᠡᠳᠦᠯ ᠢ ᠭᠦᠢᠴᠡᠳ ᠪᠠᠳᠠᠷᠠᠭᠤᠯᠬᠤ ᠲᠤᠬᠠᠢ ᠰᠠᠨᠠᠯ︾  ᠢ ᠤᠯᠠᠮᠵᠢᠯᠠᠨ ᠰᠤᠷᠤᠯᠴᠠᠵᠤ᠂  ᠬᠠᠮᠢᠶ᠎ᠠ ᠪᠦᠬᠦᠢ ᠲᠤᠰᠬᠠᠢ ᠵᠥᠪᠯᠡᠯ ᠤᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ︽ᠨᠠᠰᠤᠵᠢᠭᠰᠠᠨ ᠬᠥᠮᠥᠨ ᠠᠮᠠ ᠶᠢᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠨᠠᠰᠤᠵᠢᠯ ᠤᠨ ᠦᠢᠯᠡᠴᠢᠯᠡᠭᠡᠨ ᠤ  ᠰᠢᠰᠲ᠋ᠧᠮᠵᠢ ᠶᠢᠨ  ᠤᠳᠤᠬᠢᠴᠢᠯᠠᠭᠰᠠᠨ ᠪᠠᠶᠢᠭᠤᠯᠤᠯᠲᠠ ᠶᠢ ᠠᠬᠢᠭᠤᠯᠬᠤ︾᠂ ︽ᠠᠮᠢ ᠠᠬᠤᠢ ᠶᠢᠨ ᠵᠤᠭᠠᠴᠠᠯ ᠢ ᠡᠬᠦᠳᠦᠨ ᠪᠠᠶᠢᠭᠤᠯᠵᠤ᠂   ᠤᠨᠴᠠᠯᠢᠭ ᠴᠢᠨᠠᠷ ᠢ ᠳᠡᠭᠡᠭᠰᠢᠯᠡᠭᠦᠯᠬᠦ︾ ᠵᠢᠴᠢ ᠲᠠᠷᠢᠮᠠᠯ ᠤᠨ ᠦᠢᠯᠡᠰ ᠢ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠬᠢᠨᠠᠨ ᠵᠦᠪᠯᠡᠵᠡᠢ᠃ ᠬᠤᠷᠠᠯ ᠳᠡᠭᠡᠷ᠎ᠡ᠂ ᠪᠠᠶᠢᠩᠭᠤ ᠶᠢᠨ ᠭᠡᠰᠢᠭᠦᠳ ᠠᠴᠠ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠪᠠᠨ  ᠲᠤᠷᠠᠳᠤᠭᠰᠠᠨ ᠪᠠᠶᠢᠨ᠎ᠠ᠃ ᠬᠤᠷᠠᠯ ᠠᠴᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠡᠷᠭᠡᠪᠰᠢ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠵᠤ᠂ ᠪᠠᠶᠢᠩᠭᠤ ᠶᠢᠨ ᠭᠡᠰᠢᠭᠦᠨ ᠤ ᠳᠠᠭᠠᠭᠤᠯᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠴᠢᠩᠭᠠᠳᠬᠠᠵᠤ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠦᠨ᠎ᠡ ᠴᠡᠨ᠎ᠡ ᠪᠠᠷ ᠥᠨᠳᠥᠷ ᠠᠷᠭ᠎ᠠ ᠪᠣᠳᠣᠯᠭ᠎ᠠ ᠰᠠᠨᠠᠯ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠵᠠᠰᠠᠭ ᠤᠨ ᠶᠠᠪᠤᠳᠠᠯ ᠢ ᠵᠥᠪᠯᠡᠬᠦ ᠡᠭᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠬᠦᠢᠴᠡᠳᠭᠡᠨ᠂ ᠠᠷᠠᠳ ᠤᠨ ᠠᠮᠢᠳᠤᠷᠠᠯ ᠳᠤ ᠲᠤᠰᠠᠳᠠᠢ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢᠨ ᠦᠷ᠎ᠡ ᠪᠦᠲᠦᠮᠵᠢ   ᠲᠠᠢ ᠨᠠᠶᠢᠳᠠᠪᠤᠷᠢᠵᠢᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠶᠠᠩ ᠶᠢᠨ ᠮᠢᠩ᠂ ᠴᠢ ᠵᠢᠦ ᠴᠧᠩ᠂ ᠢᠦᠢ ᠴᠧᠩ ᠭᠦᠸᠧ ᠬᠤᠷᠠᠯ ᠳᠤ ᠣᠷᠣᠯᠴᠠᠵᠤ᠂ ᠯᠢᠦ ᠲᠢᠩ ᠰᠢᠸ ᠬᠤᠷᠠᠯ ᠢ ᠡᠷᠬᠢᠯᠡᠨ᠂ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号