ᠲᠠᠶᠢᠹᠤᠰᠧ ᠬᠤᠰᠢᠭᠤᠨ ᠤ ᠬᠢᠨ ᠣᠯᠠᠨ ᠲᠥᠷᠥᠯ ᠤᠨ ᠴᠠᠭᠳᠠᠭᠠᠨ ᠤ ᠬᠠᠮᠲᠤᠷᠠᠭᠰᠠᠨ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/9/21
  ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠤᠨ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠵᠦ᠂  ᠭᠡᠨᠡᠳᠲᠡ ᠶᠢᠨ ᠬᠡᠷᠡᠭ ᠠᠴᠠ ᠪᠣᠯᠤᠭᠰᠠᠨ ᠬᠥᠮᠥᠨ ᠤ ᠪᠡᠶ᠎ᠡ ᠰᠡᠳᠬᠢᠴᠡ ᠡᠳ᠋ ᠬᠥᠷᠥᠩᠭᠡ ᠶᠢᠨ ᠬᠤᠣᠷ ᠬᠥᠨᠥᠭᠡᠯ ᠢ ᠪᠠᠭᠠᠰᠬᠠᠨ᠂ ᠰᠦᠷᠳᠡᠭᠦᠯᠦᠯ ᠢ ᠡᠰᠡᠷᠭᠦᠴᠡᠬᠦ᠂ ᠬᠦᠴᠦᠷᠬᠡᠭᠯᠡᠯ ᠢ ᠰᠡᠷᠭᠡᠶᠢᠯᠡᠬᠦ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂  9 ᠰᠠᠷ᠎ᠠ ᠶᠢᠨ 19 ᠤ ᠡᠳᠦᠷ᠂ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠣᠯᠠᠨ ᠰᠠᠯᠠᠭ᠎ᠠ ᠮᠥᠴᠢᠷ᠂ ᠣᠯᠠᠨ ᠴᠠᠭᠳᠠᠭᠠᠨ ᠤ ᠲᠥᠷᠥᠯ ᠢ ᠵᠣᠬᠢᠶᠠᠨ ᠪᠠᠶᠢᠭᠤᠯᠵᠤ ᠲᠠᠶᠢᠹᠤᠰᠧ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠬᠢᠭᠰᠡᠨ ᠪᠠᠶᠢᠨ᠎ᠠ᠃  ᠡᠨᠡ ᠤᠳᠠᠭᠠᠨ ᠤ ᠶᠡᠷᠦᠩᠬᠡᠶᠢᠯᠡᠭᠰᠡᠨ ᠰᠣᠷᠢᠯᠲᠠ ᠶᠢ ᠰᠠᠶᠢᠨ ᠬᠢᠵᠦ᠂ ᠤᠷᠢᠳᠴᠢᠯᠠᠨ ᠵᠢᠱᠢᠭᠰᠡᠨ ᠦᠷ᠎ᠡ ᠪᠦᠲᠦᠮᠵᠢ ᠳᠤ ᠬᠦᠷᠭᠡᠬᠦ ᠶᠢᠨ ᠲᠦᠯᠦᠭᠡ᠂ ᠰᠣᠷᠢᠯᠲᠠ ᠡᠬᠢᠯᠡᠬᠦ ᠠᠴᠠ ᠡᠮᠦᠨ᠎ᠡ ᠠᠷᠠᠳ ᠤᠨ ᠴᠠᠭᠳᠠᠭ᠎ᠠ  ᠨᠠᠷ ᠰᠤᠷᠭᠠᠭᠤᠯᠢ ᠶᠢᠨ ᠠᠮᠤᠷ ᠢ ᠬᠠᠮᠠᠭᠠᠯᠠᠬᠤ ᠠᠵᠢᠯᠳᠠᠳ ᠲᠤ ᠰᠦᠷᠳᠡᠭᠦᠯᠦᠯ ᠢ ᠡᠰᠡᠷᠭᠦᠴᠡᠬᠦ ᠬᠦᠴᠦᠷᠬᠡᠭᠯᠡᠯ ᠢ ᠰᠡᠷᠭᠡᠶᠢᠯᠡᠬᠦ ᠪᠣᠯᠪᠠᠰᠤᠷᠠᠯ ᠬᠢᠵᠦ᠂ ᠭᠤᠣᠯᠳᠠᠭᠤ ᠪᠠᠮᠪᠠᠢ᠂ ᠰᠢᠳᠠᠮ᠂ ᠰᠡᠷᠡᠭᠡ ᠵᠡᠷᠭᠡ ᠬᠦᠴᠦᠷᠬᠡᠭᠯᠡᠯ ᠢ ᠰᠡᠷᠭᠡᠶᠢᠯᠡᠵᠦ  ᠪᠠᠴᠢᠮ ᠪᠠᠶᠢᠳᠠᠯ ᠢ ᠠᠷᠭᠠᠴᠠᠬᠤ  ᠪᠠᠭᠠᠵᠢ ᠬᠡᠷᠡᠭᠰᠡᠯ ᠤᠨ ᠴᠢᠳᠠᠮᠵᠢ  ᠪᠠ ᠬᠡᠷᠡᠭᠴᠡᠭᠡ ᠶᠢ ᠲᠠᠶᠢᠯᠪᠤᠷᠢᠯᠠᠨ᠂ ᠠᠳᠠᠯᠢ ᠪᠤᠰᠤ ᠠᠬᠤᠢ ᠪᠠᠶᠢᠳᠠᠯ ᠳᠤ ᠵᠤᠷᠢᠭᠤᠯᠤᠭᠰᠠᠨ ᠦᠵᠡᠭᠦᠯᠦᠯᠭᠡ ᠬᠢᠵᠦ᠂  ᠠᠮᠤᠷ ᠢ ᠬᠠᠮᠠᠭᠠᠯᠠᠬᠤ ᠠᠵᠢᠯᠲᠠᠨ ᠤ ᠬᠦᠴᠦᠷᠬᠡᠭᠯᠡᠯ ᠢ ᠰᠡᠷᠭᠡᠶᠢᠯᠡᠬᠦ ᠪᠠᠭᠠᠵᠢ ᠬᠡᠷᠡᠭᠰᠡᠯ ᠢ ᠪᠣᠯᠪᠠᠰᠤᠷᠠᠩᠭᠤᠢ ᠡᠵᠡᠮᠰᠢᠨ ᠵᠥᠪ ᠣᠨᠣᠪᠴᠢᠲᠠᠶ ᠬᠡᠷᠡᠭᠯᠡᠬᠦ ᠶᠢ ᠪᠠᠲᠤᠯᠠᠵᠤ᠂ ᠪᠠᠴᠢᠮ ᠪᠠᠶᠢᠳᠠᠯ ᠢ ᠰᠢᠢᠳᠪᠦᠷᠢᠯᠡᠬᠦ ᠬᠢᠷᠢ ᠴᠢᠳᠠᠪᠤᠷᠢ ᠶᠢ ᠨᠢ ᠲᠡᠭᠡᠭᠰᠢᠯᠡᠬᠦᠯᠵᠡᠢ᠃  ᠡᠨᠡ  ᠤᠳᠠᠭᠠᠨ ᠤ ᠰᠣᠷᠢᠯᠲᠠ ᠳᠤ᠂   ᠰᠡᠳᠬᠢᠯ ᠤᠨ ᠭᠠᠵᠢᠭ ᠲᠠᠢ 2 ᠬᠦᠮᠦᠨ ᠰᠤᠷᠭᠠᠭᠤᠯᠢ ᠶᠢᠨ ᠬᠦᠷᠢᠶᠡᠨ ᠳᠤ ᠭᠡᠨᠡᠳᠲᠡ ᠳᠠᠭᠠᠷᠢᠨ ᠣᠷᠣᠵᠤ᠂ ᠠᠮᠤᠷ ᠢ ᠬᠠᠮᠠᠭᠠᠯᠠᠭᠴᠢ  ᠲᠠᠢ ᠬᠠᠯᠳᠠᠨ᠂  ᠢᠳᠬᠠᠵᠤ ᠬᠤᠷᠢᠭᠯᠠᠬᠤ ᠶᠢ ᠰᠣᠨᠣᠰᠬᠤ ᠦᠭᠡᠢ ᠠᠭᠠᠰᠢᠯᠠᠵᠤ ᠪᠠᠶᠢᠬᠤ ᠪᠠᠷ ᠲᠠᠭᠤᠷᠢᠶᠠᠮᠠᠯ ᠦᠢᠯᠡ ᠭᠡᠷᠡᠭ  ᠪᠤᠯᠭᠠᠭᠰᠠᠨ ᠪᠠᠶᠢᠨ᠎ᠠ᠃ ᠠᠮᠤᠷ ᠢ ᠬᠠᠮᠠᠭᠠᠯᠠᠭᠴᠢᠳ ᠲᠠᠷᠤᠢ ᠲᠦᠷᠭᠡᠨ ᠬᠠᠷᠢᠭᠤ ᠲᠤᠰᠬᠠᠯ ᠭᠠᠷᠭᠠᠵᠤ᠂ ᠲᠦᠭᠰᠢᠭᠦᠷᠢ ᠮᠡᠳᠡᠬᠦᠯᠬᠦ ᠳᠠᠷᠤᠪᠴᠢ ᠶᠢ  ᠲᠠᠷᠤᠮᠠᠭᠴᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠠᠭᠳᠠᠭᠠᠨ ᠤ ᠬᠦᠴᠦᠨ ᠢᠶᠠᠨ ᠦᠳᠲᠡᠷ ᠲᠦᠷᠭᠡᠨ  ᠵᠤᠬᠢᠶᠠᠨ ᠪᠠᠶᠢᠭᠤᠯᠵᠤ ᠲᠤᠬᠠᠢ ᠶᠢᠨ ᠲᠠᠯᠠᠪᠤᠷ ᠲᠤ ᠬᠦᠷᠴᠦ ᠭᠡᠷᠡᠭ ᠢ ᠰᠢᠢᠳᠪᠦᠷᠢᠯᠡᠵᠡᠢ᠃ ︽ᠨᠢᠭᠡᠳᠦᠯᠲᠡᠢ ᠵᠢᠯᠤᠭᠤᠳᠬᠤ᠂ ᠬᠠᠮᠵᠢᠯᠴᠠᠨ ᠠᠵᠢᠯᠯᠠᠬᠤ᠂  ᠶᠡᠷᠦᠩᠬᠡᠶᠢᠯᠡᠨ ᠪᠠᠶᠢᠯᠳᠤᠬᠤ︾ ᠵᠠᠷᠴᠢᠮ ᠤᠨ ᠶᠣᠰᠣᠭᠠᠷ᠂ ᠡᠯ᠎ᠡ ᠰᠠᠯᠠᠭ᠎ᠠ ᠮᠥᠴᠢᠷ᠂ ᠡᠯ᠎ᠡ ᠴᠠᠭᠳᠠᠭᠠᠨ ᠤ ᠲᠦᠷᠦᠯ ᠤᠨ ᠬᠢᠨ ᠬᠠᠮᠲᠤᠷᠠᠨ ᠪᠠᠶᠢᠯᠳᠤᠵᠤ ᠂ ︽ᠪᠠᠯᠠᠮᠠᠳ ᠠᠮᠢᠳᠠᠨ︾ ᠢ ᠦᠳᠲᠡᠷ ᠲᠦᠷᠭᠡᠨ ᠨᠣᠮᠣᠬᠠᠳᠬᠠᠨ  ᠠᠪᠤᠭᠰᠠᠨ ᠪᠠᠶᠢᠯ᠎ᠠ᠃ ᠰᠣᠷᠢᠯᠲᠠ ᠳᠤ᠂ ᠡᠯ᠎ᠡ ᠰᠠᠯᠠᠭ᠎ᠠ ᠮᠥᠴᠢᠷ᠂ ᠡᠯ᠎ᠡ ᠴᠠᠭᠳᠠᠭᠠᠨ ᠤ ᠲᠥᠷᠥᠯ ᠤᠨ ᠬᠢᠨ ᠨᠢᠭᠲᠠ ᠬᠠᠮᠵᠢᠯᠴᠠᠵᠤ ᠡᠷᠴᠢᠮᠳᠡᠢ ᠠᠵᠢᠯᠯᠠᠭᠠᠳ᠂ ᠵᠢᠱᠢᠭᠰᠡᠨ ᠦᠷ᠎ᠡ ᠳ᠋ᠦᠩ ᠳᠤ ᠬᠦᠷᠴᠡᠢ᠃ ᠡᠨᠡ ᠤᠳᠠᠭᠠᠨ ᠤ ᠰᠣᠷᠢᠯᠲᠠ ᠪᠠᠷ  ᠲᠠᠮᠵᠢᠭᠠᠳ᠂ ᠰᠦᠷᠳᠡᠭᠦᠯᠦᠯ ᠤᠨ ᠭᠡᠨᠡᠳᠲᠡ ᠶᠢᠨ ᠬᠡᠷᠡᠭ ᠢ  ᠡᠰᠡᠷᠬᠦᠴᠡᠵᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠢᠷᠢ ᠴᠢᠳᠠᠪᠤᠷᠢ ᠪᠠ ᠠᠷᠭ᠎ᠠ ᠲᠦᠰᠦᠪ ᠢ ᠨᠠᠶᠢᠳᠠᠪᠤᠷᠢᠵᠢᠭᠤᠯᠬᠤ ᠬᠢᠷᠢ ᠴᠢᠳᠠᠪᠤᠷᠢ ᠶᠢ ᠤᠯᠠᠮ ᠳᠡᠭᠡᠭᠰᠢᠯᠡᠭᠦᠯᠵᠦ᠂ ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠪᠠᠭᠰᠢ ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠴᠢᠩᠭᠠᠷᠠᠭᠤᠯᠤᠨ᠂  ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号