ᠲᠠᠶᠢᠹᠤᠰᠧ ᠬᠤᠰᠢᠭᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/21
    9 ᠰᠠᠷ᠎ᠠ ᠶᠢᠨ 20 ᠤ ᠡᠳᠦᠷ᠂ ᠲᠠᠶᠢᠹᠤᠰᠧ ᠬᠤᠰᠢᠭᠤᠨ ᠤ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠵᠤ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠢ ᠡᠷᠭᠢᠯᠡᠪᠡ᠃ ᠬᠤᠷᠠᠯ ᠠᠴᠠ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂  ᠡᠨᠡ ᠤᠳᠠᠭᠠᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠨ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠬᠦᠳ ᠨᠢᠭᠡᠳᠦᠯᠲᠡᠢ ᠦᠵᠡᠯ ᠰᠠᠨᠠᠭ᠎ᠠ᠂ ᠡᠷᠡᠰ ᠪᠠᠲᠤ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠤᠯᠤᠰ ᠲᠥᠷᠥ ᠶᠢᠨ ᠬᠢᠷᠢ ᠴᠢᠳᠠᠪᠤᠷᠢ ᠪᠠᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠤᠨ᠂ ᠪᠥᠬᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ  ᠡᠭᠦᠳᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠬᠦᠴᠦᠨ ᠢᠶᠠᠨ ᠲᠦᠪᠯᠡᠷᠡᠬᠦᠯᠵᠦ ᠠᠬᠢᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢᠶᠠᠷ ᠭᠠᠷᠳᠠᠴᠠ ᠪᠣᠯᠭᠠᠵᠤ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠴᠢᠩᠭᠠᠳᠬᠠᠵᠤ᠂  ᠤᠬᠠᠭᠤᠯᠭ᠎ᠠ ᠵᠢᠯᠤᠭᠤᠳᠤᠯᠭ᠎ᠠ ᠶᠢ ᠡᠷᠴᠢᠮᠵᠢᠬᠦᠯᠦᠨ᠂ ᠠᠵᠢᠯ ᠤᠨ ᠰᠤᠷᠲᠠᠯ ᠢᠶᠠᠨ ᠴᠢᠩᠳᠠᠯᠠᠵᠤ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠭᠡᠰᠢᠬᠦᠳ᠂  ᠰᠢᠬᠦᠬᠦ ᠬᠤᠷᠢᠶ᠎ᠠ ᠪᠠᠶᠢᠴᠠᠭᠠᠬᠤ  ᠬᠤᠷᠢᠶᠠᠨ ᠤ ᠳᠠᠷᠤᠭ᠎ᠠ᠂  ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠲᠤᠰᠬᠠᠢ ᠲᠤᠰᠢᠶᠠᠯᠲᠤ ᠳᠡᠳ᠋ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠨᠢᠬᠡᠴᠡ ᠪᠠ   ᠲᠠᠶᠢᠹᠤᠰᠧ ᠳᠤ ᠰᠠᠭᠤᠭ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号