ᠣᠷᠣᠨ ᠪᠦᠰᠡ ᠠᠯᠤᠰᠯᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ | ᠴᠢᠨᠠᠭᠰᠢᠳᠠ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ 9 | ᠰᠠᠷ᠎ᠠ ᠶᠢᠨ 19 ᠤ ᠡᠳᠦᠷ ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠨᠢ ᠾᠧᠪᠸᠢ ᠮᠤᠵᠢ ᠶᠢᠨ ᠬᠦᠶᠤᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠲᠠᠢ ᠣᠷᠣᠨ ᠪᠦᠰᠡ ᠠᠯᠤᠰᠯᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ | ᠬᠠᠮᠠᠭᠠᠯᠠᠬᠤ ᠬᠠᠮᠲᠤᠷᠠᠯᠴᠠᠭᠠᠨ ᠤ ᠬᠡᠯᠡᠯᠴᠡᠭᠡᠷ ᠲᠤᠭᠳᠠᠵᠠᠢ᠃ ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ᠂ | ᠬᠤᠶᠠᠷ ᠲᠠᠯ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠲᠣᠰ ᠲᠣᠰ ᠤᠨ ᠮᠡᠳᠡᠯᠭᠡ ᠶᠢᠨ ᠪᠦᠲᠦᠭᠡᠭᠳᠡᠬᠦᠨ ᠤ | ᠦᠮᠴᠢᠯᠡᠯ ᠤᠨ ᠡᠷᠬᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠲᠠᠨᠢᠯᠴᠠᠭᠤᠯᠬᠤ ᠶᠢᠨ ᠬᠠᠮᠲᠤ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠡᠭᠦᠳᠦᠯᠲᠡ᠂ ᠬᠠᠮᠠᠭᠠᠯᠠᠯᠲᠠ᠂ ᠬᠡᠷᠡᠭᠯᠡᠯᠲᠡ᠂ ᠲᠠᠸᠠᠷ ᠤᠨ ᠲᠡᠮᠳᠡᠭ | ᠵᠢᠴᠢ ᠭᠠᠵᠠᠷ ᠵᠦᠢ ᠶᠢᠨ ᠲᠡᠮᠳᠡᠭ ᠢ ᠪᠣᠶᠢᠵᠢᠭᠤᠯᠬᠤ᠂ ᠬᠠᠮᠲᠤᠷᠠᠨ ᠬᠠᠤᠯᠢ ᠬᠡᠷᠡᠭᠵᠢᠭᠦᠯᠬᠦ ᠵᠡᠷᠭᠡ ᠠᠵᠢᠯ ᠤᠨ ᠲᠤᠬᠠᠢ | ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ᠂ ᠬᠤᠶᠠᠷ ᠭᠠᠵᠠᠷ ᠤᠨ | ᠳᠠᠪᠠᠭᠤᠯᠢᠭ ᠪᠠ ᠣᠨᠴᠠᠯᠢᠭ ᠢᠶᠠᠨ ᠭᠦᠢᠴᠡᠳ ᠪᠠᠳᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ | ᠡᠷᠬᠡ ᠶᠢ ᠬᠠᠮᠠᠭᠠᠯᠠᠬᠤ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠬᠤᠶᠠᠷ ᠭᠠᠵᠠᠷ ᠢ ᠬᠠᠮᠤᠷᠤᠭᠰᠠᠨ | ᠲᠤᠰᠬᠠᠢ ᠠᠰᠢᠭ᠂ ᠲᠠᠸᠠᠷ ᠤᠨ ᠲᠡᠮᠳᠡᠭ᠂ ᠭᠠᠵᠠᠷ ᠵᠦᠢ ᠶᠢᠨ ᠪᠡᠯᠭᠡ ᠲᠡᠮᠳᠡᠭ ᠤᠨ ᠵᠠᠰᠠᠭ ᠵᠠᠬᠢᠷᠭᠠᠨ ᠤ | ᠬᠠᠮᠠᠭᠠᠯᠠᠯᠲᠠ ᠶᠢᠨ ᠬᠠᠮᠵᠢᠯᠴᠠᠭᠠᠨ ᠤ ᠲᠣᠭᠲᠠᠴᠠ ᠶᠢ ᠢᠳᠡᠪᠬᠢᠲᠡᠢ ᠪᠠᠶᠢᠭᠤᠯᠤᠨ᠂ ᠮᠡᠳᠡᠯᠭᠡ ᠶᠢᠨ | ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠭᠦᠯᠬᠦ᠂ ᠲᠤᠷᠰᠢᠯᠭ᠎ᠠ ᠪᠠᠨ | ᠬᠠᠷᠢᠯᠴᠠᠨ ᠰᠤᠯᠢᠯᠴᠠᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠵᠦ᠂ ᠰᠠᠶᠢᠨ ᠲᠠᠯ᠎ᠠ ᠶᠢ ᠨᠢ | ᠠᠪᠴᠤ ᠬᠦᠷᠦᠯᠴᠡᠬᠦ ᠦᠭᠡᠢ ᠲᠠᠯ᠎ᠠ ᠪᠠᠨ ᠨᠦᠬᠦᠪᠦᠷᠢᠯᠡᠨ᠂ ᠬᠠᠮᠳᠤᠷᠠᠯ ᠤᠨ ᠬᠦᠴᠦᠨ ᠢ ᠨᠢᠭᠲᠠᠷᠠᠭᠤᠯᠬᠤ ᠪᠠᠷ | ᠲᠠᠮᠵᠢᠭᠠᠳ᠂ ᠣᠷᠣᠨ ᠪᠦᠰᠡ ᠠᠯᠤᠰᠯᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ | ᠬᠠᠮᠠᠭᠠᠯᠠᠬᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ | ᠦᠮᠴᠢᠯᠡᠯ ᠤᠨ ᠡᠷᠬᠡ ᠶᠢ ᠬᠠᠮᠠᠭᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠠᠶᠢᠨ ᠰᠠᠶᠢᠬᠠᠨ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠬᠤᠶᠠᠷ ᠭᠠᠵᠠᠷ ᠤᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠨ᠎ᠡ ᠬᠡᠵᠦ ᠢᠯᠡᠷᠬᠡᠶᠢᠯᠡᠭᠰᠡᠨ ᠪᠠᠶᠢᠨ᠎ᠠ᠃ |