9 ᠰᠠᠷ᠎ᠠ ᠶᠢᠨ 20 ᠤ ᠡᠳᠦᠷ᠂ ᠲᠠᠶᠢᠹᠤᠰᠧ ᠬᠤᠰᠢᠭᠤ ᠬᠢᠳᠠᠳ ᠮᠣᠩᠭᠤᠯ ᠤᠨ ᠡᠮᠨᠡᠯᠭᠡ ᠶᠢᠨ ᠬᠤᠷᠢᠶ᠎ᠠ᠂ ᠰᠢᠨ | ᠬᠤᠸᠠ ᠨᠡᠶᠢᠬᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠳᠤ ︽ᠦᠨᠳᠦᠰᠦᠲᠡᠨ ᠨᠦᠭᠦᠳ ᠪᠦᠯᠬᠦᠮᠳᠡᠨ | ᠨᠢᠭᠡ ᠭᠡᠷ ᠤᠨ ᠬᠢᠨ ᠮᠡᠲᠦ ᠲᠤᠳᠤᠨᠤ ᠪᠠᠶᠢᠵᠤ᠂ ᠠᠯᠪᠠᠨ ᠵᠢᠷᠤᠮ ᠤᠨ ᠡᠮᠴᠢᠯᠡᠭᠡ ᠪᠠᠷ ᠠᠷᠠᠳ ᠤᠨ ᠰᠡᠳᠬᠢᠯ ᠢ | ᠲᠤᠯᠠᠭᠠᠴᠠᠭᠤᠯᠬᠤ︾ ᠠᠵᠢᠯᠯᠠᠭ᠎ᠠ ᠥᠷᠨᠢᠭᠦᠯᠪᠡ᠃ ᠡᠨᠡ ᠤᠳᠠᠭᠠᠨ ᠤ ᠠᠵᠢᠯᠯᠠᠭ᠎ᠠ ᠳᠤ ᠥᠪᠥᠷ ᠮᠣᠩᠭᠤᠯ ᠤᠨ | ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠳ ᠢ ᠤᠷᠢᠵᠤ ᠣᠯᠠᠨ ᠲᠦᠮᠡᠨ ᠳᠤ | ᠬᠢᠲᠠᠳ ᠮᠣᠩᠭᠤᠯ ᠡᠮᠨᠡᠯᠭᠡ ᠶᠢᠨ ᠤᠨᠤᠰᠢᠯᠠᠯᠳᠠ ᠪᠠ ᠡᠮᠴᠢᠯᠡᠭᠡ᠂ ᠡᠷᠡᠭᠦᠯ ᠮᠡᠨᠳᠦ ᠶᠢᠨ ᠯᠠᠪᠯᠠᠯᠳᠠ ᠵᠢᠯᠣᠭᠤᠳᠤᠯᠭ᠎ᠠ | ᠭᠡᠬᠦ ᠮᠡᠳᠦ ᠶᠢᠨ ᠦᠢᠯᠡᠴᠢᠯᠡᠭᠡ ᠬᠠᠩᠭᠠᠵᠠᠢ᠃ ᠠᠯᠪᠠᠨ ᠵᠢᠷᠤᠮ ᠤᠨ ᠡᠮᠴᠢᠯᠡᠭᠡᠨ ᠤ ᠠᠬᠤᠢ ᠲᠠᠯᠠᠪᠠᠢ ᠳᠤ ᠪᠠᠰᠠ | ᠤᠬᠠᠭᠤᠯᠭ᠎ᠠ ᠶᠢᠨ ᠲᠠᠪᠴᠠᠩ ᠭᠠᠷᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ | ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠵᠡᠷᠭᠡ ᠶᠢ ᠤᠬᠠᠭᠤᠯᠤᠭᠰᠠᠨ ᠪᠠᠶᠢᠨ᠎ᠠ᠃ ᠬᠤᠰᠢᠭᠤ | ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠠᠴᠠ ᠭᠤᠣᠯᠯᠠᠨ ᠡᠷᠬᠢᠯᠡᠭᠰᠡᠨ ᠡᠨᠡ ᠤᠳᠠᠭᠠᠨ | ᠤ ᠠᠵᠢᠯᠯᠠᠭ᠎ᠠ ᠨᠢ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠤᠬᠠᠭᠤᠯᠭ᠎ᠠ ᠪᠣᠯᠣᠨ ᠡᠷᠡᠭᠦᠯ ᠮᠡᠨᠳᠦ ᠶᠢᠨ | ᠦᠢᠯᠡᠴᠢᠯᠡᠭᠡ ᠶᠢ ᠤᠶᠠᠯᠳᠤᠭᠤᠯᠤᠨ᠂ ᠤᠯᠠᠨ ᠲᠦᠮᠡᠨ ᠳᠤ ᠨᠡᠩ ᠳᠥᠭᠦᠮ ᠳᠥᠲᠡ ᠦᠢᠯᠡᠴᠢᠯᠡᠭᠡ ᠬᠠᠩᠭᠠᠵᠤ᠂ | ᠦᠨᠳᠦᠰᠦᠲᠡᠨ ᠤ ᠪᠦᠯᠬᠦᠮᠳᠡᠯ ᠤᠨ ᠠᠭᠤᠷ ᠠᠮᠢᠰᠬᠤᠯ ᠢ ᠪᠤᠢ ᠪᠤᠯᠭᠠᠨ᠂ ᠦᠨᠳᠦᠰᠦᠲᠡᠨ ᠨᠦᠭᠦᠳ ᠤᠨ ᠤᠯᠠᠨ | ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠳᠤᠳᠬᠠᠵᠠᠢ᠃ |