ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ —  ᠲᠠᠶᠢᠹᠤᠰᠧ ᠬᠤᠰᠢᠭᠤᠨ ᠤ  ᠬᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ ᠰᠡᠳᠦᠪᠲᠦ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/9/21
   ᠡᠨᠡ ᠵᠢᠯ ᠤᠨ 9 ᠳ᠋ᠤᠭᠡᠷ ᠰᠠᠷ᠎ᠠ ᠪᠣᠯ ᠪᠥᠬᠦ ᠣᠷᠣᠨ ᠤ ᠲᠦᠴᠢᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠳᠤᠳᠬᠠᠨ᠂  ᠨᠡᠶᠢᠭᠡᠮ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ 9 ᠰᠠᠷ᠎ᠠ ᠶᠢᠨ 19  ᠤ ᠡᠳᠦᠷ ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠠᠢ ᠬᠠᠮᠲᠤᠷᠠᠨ  ︽ᠨᠠᠮ ᠤᠨ ᠢᠶᠠᠨ ᠠᠴᠢ ᠳᠤ ᠲᠠᠯᠠᠷᠬᠠᠵᠤ ᠨᠠᠮ ᠢᠶᠠᠨ ᠳᠠᠭᠠᠵᠤ ᠤᠷᠤᠭᠰᠢᠯᠠᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ   ᠳᠤ ᠵᠢᠱᠢᠶ᠎ᠡ ᠪᠤᠯᠬᠤ︾   ᠪᠠᠷ ᠭᠤᠣᠯ ᠰᠡᠳᠦᠪ ᠪᠣᠯᠭᠠᠭᠰᠠᠨ ᠦᠨᠳᠦᠰᠦᠲᠡᠨ ᠤ ᠪᠦᠯᠬᠦᠮᠳᠡᠯ ᠢ ᠭᠠᠴᠠᠭ᠎ᠠ ᠲᠤᠰᠬᠤᠨ ᠳᠤ ᠬᠦᠷᠭᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ ᠤᠬᠠᠭᠤᠯᠬᠤ ᠪᠦᠯᠬᠦᠮ ᠤᠨ ᠬᠢᠨ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠵᠦ᠂  ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠣᠯᠠᠨ ᠲᠦᠮᠡᠨ ᠲᠠᠢ ᠨᠢᠭᠤᠷᠳᠠᠨ ᠶᠠᠷᠢᠯᠴᠠᠬᠤ ᠬᠡᠯᠪᠡᠷᠢ ᠪᠠᠷ ᠨᠠᠮ ᠪᠠ ᠤᠯᠤᠰ ᠤᠨ ᠦᠨᠳᠦᠰᠦᠲᠡᠨ ᠤ ᠪᠦᠯᠬᠦᠮᠳᠡᠯ ᠤᠨ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠲᠦᠷᠢᠮ ᠲᠣᠭᠲᠠᠭᠠᠯ ᠢ ᠡᠯ᠎ᠡ ᠦᠨᠳᠦᠰᠦᠲᠡᠨ ᠤ ᠣᠯᠠᠨ ᠲᠦᠮᠡᠨ ᠳᠤ  ᠲᠠᠶᠢᠯᠪᠤᠷᠢᠯᠠᠨ ᠥᠭᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢ ᠲᠦᠭᠡᠮᠡᠯᠵᠢᠭᠦᠯᠦᠨ᠂  ᠦᠨᠳᠦᠰᠦᠲᠡᠨ ᠤ ᠪᠦᠯᠬᠦᠮᠳᠡᠯ ᠤᠨ ᠦᠵᠡᠯ ᠤᠬᠠᠮᠰᠠᠷ ᠢ ᠬᠦᠮᠦᠨ ᠠᠷᠠᠳ ᠤᠨ ᠰᠡᠳᠬᠢᠯ ᠳᠤ ᠬᠠᠳᠠᠩᠰᠢᠭᠤᠯᠵᠠᠢ᠃  ᠠᠵᠢᠯᠳᠠᠳ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ 500 ᠭᠠᠷᠤᠢ ᠳᠡᠪᠲᠡᠷ᠂  ᠪᠦᠰ ᠤᠭᠤᠲᠠ᠂ ᠴᠠᠭᠠᠰᠤᠨ ᠬᠠᠶᠢᠷᠴᠠᠭ ᠵᠡᠷᠭᠡ ᠤᠬᠠᠭᠤᠯᠭ᠎ᠠ ᠶᠢᠨ ᠮᠠᠲ᠋ᠧᠷᠢᠶᠠᠯ 300 ᠭᠠᠷᠤᠢ ᠬᠤᠪᠢ ᠲᠠᠷᠬᠠᠭᠠᠭᠰᠠᠨ ᠪᠦᠭᠡᠳ ᠲᠠᠷᠢᠶᠠᠯᠠᠩ ᠤᠨ ᠮᠡᠷᠭᠡᠵᠢᠯ᠂ ᠠᠮᠤ ᠪᠤᠳᠠᠭᠠᠨ ᠤ ᠠᠮᠤᠷ ᠲᠦᠪᠰᠢᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ᠂ ᠲᠠᠷᠢᠶᠠᠯᠠᠩ ᠤᠨ ᠮᠠᠰᠢᠨ ᠤ   ᠠᠰᠢᠭᠯᠠᠯᠳᠠ ᠵᠡᠷᠭᠡ  ᠶᠢ ᠪᠠᠭᠳᠠᠭᠠᠭᠰᠠᠨ ᠡᠯ᠎ᠡ ᠲᠦᠷᠦᠯ ᠤᠨ ᠤᠬᠠᠭᠤᠯᠭ᠎ᠠ ᠶᠢᠨ ᠬᠠᠭᠤᠳᠠᠰᠤ ᠪᠠ ᠮᠡᠷᠭᠡᠵᠢᠯ ᠤᠨ ᠭᠠᠷ ᠠᠪᠤᠯᠭ᠎ᠠ ᠶᠢ 300 ᠭᠠᠷᠤᠢ ᠬᠤᠪᠢ ᠲᠠᠷᠬᠠᠭᠠᠭᠰᠠᠨ ᠪᠠᠶᠢᠨ᠎ᠠ᠃  ᠲᠠᠶᠢᠹᠤᠰᠧ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ  ᠨᠢ ᠬᠤᠶᠢᠰᠢᠳᠠ ᠨᠡᠩ ᠣᠯᠠᠨ ᠰᠠᠯᠠᠭ᠎ᠠ ᠮᠥᠴᠢᠷ ᠲᠠᠢ ᠬᠤᠯᠪᠤᠭᠠᠯᠠᠵᠤ ᠪᠠᠶᠢᠭᠠᠳ ᠡᠯᠪᠡᠭ ᠪᠠᠶᠠᠯᠢᠭ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ  ᠶᠢ  ᠦᠷᠨᠢᠬᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠶᠢ ᠡᠬᠦᠳᠦᠭᠰᠡᠨ ᠬᠥᠭᠵᠢᠯᠲᠡ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠠᠨᠠᠷ ᠤᠨ ᠦᠷ᠎ᠡ ᠰᠢᠭ ᠨᠢᠭᠲᠠᠷᠠᠭᠤᠯᠤᠨ  ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠪᠠᠶᠢᠳᠠᠯ ᠢ ᠦᠨᠡᠨᠬᠦ ᠪᠠᠲᠤᠳᠬᠠᠨ ᠬᠥᠭᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠳᠤ ᠬᠦᠴᠦᠨ ᠴᠢᠳᠠᠯ ᠢᠶᠠᠨ ᠨᠡᠮᠡᠷᠢᠯᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号