ᠬᠦᠨᠪᠤᠯᠠᠭ ᠰᠤᠮᠤᠨ ᠤ ᠬᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/9/21
  ᠤᠯᠤᠰ ᠤᠨ ᠪᠠᠲᠤᠯᠠᠨ ᠬᠠᠮᠠᠭᠠᠯᠠᠯᠲᠠ ᠪᠣᠯ ᠤᠯᠤᠰ ᠦᠨᠳᠦᠰᠦᠲᠡᠨ ᠤ ᠮᠠᠨᠳᠤᠵᠤ ᠮᠥᠬᠦᠬᠦ ᠳᠤ ᠬᠤᠯᠪᠤᠭᠳᠠᠭᠰᠠᠨ ᠦᠨᠳᠦᠰᠦᠨ ᠶᠡᠭᠡ ᠪᠣᠳᠣᠯᠭ᠎ᠠ ᠮᠥᠨ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠢᠷᠭᠡᠨ ᠨᠢᠭᠡᠪᠦᠷᠢ  ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠮᠡᠳᠡᠯᠭᠡ ᠶᠢ ᠡᠵᠡᠮᠰᠢᠬᠦ ᠬᠡᠷᠡᠭᠲᠡᠢ᠃  ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠮᠠᠯᠴᠢᠨ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ  ᠴᠢᠩᠭᠠᠳᠬᠠᠨ᠂  ᠪᠦᠬᠦ ᠠᠷᠠᠳ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠳᠡᠮᠵᠢᠬᠦ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂  9 ᠰᠠᠷ᠎ᠠ ᠶᠢᠨ 19  ᠤ ᠡᠳᠦᠷ  ᠬᠦᠨᠪᠤᠯᠠᠭ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ ᠨᠢ ︽ ᠤᠯᠤᠰ ᠤᠨ ᠪᠠᠲᠤᠯᠠᠨ ᠬᠠᠮᠠᠭᠠᠯᠠᠯᠲᠠ ᠶᠢ ᠴᠢᠩᠭᠠᠳᠬᠠᠵᠤ᠂  ᠰᠡᠷᠭᠦᠨ ᠮᠠᠨᠳᠤᠯᠲᠠ ᠲᠡᠰᠢ ᠡᠷᠡᠯᠬᠡᠭᠯᠡᠨ  ᠤᠷᠤᠭᠰᠢᠯᠠᠶ᠎ᠠ︾ ᠬᠡᠮᠡᠬᠦ ᠭᠤᠤᠯ ᠰᠡᠳᠦᠪ ᠪᠦᠬᠦᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃  ᠰᠠᠶᠢᠨ ᠳᠤᠷ᠎ᠠ ᠶᠢᠨ ᠦᠢᠯᠡᠴᠢᠯᠡᠭᠴᠢᠳ ᠨᠢᠭᠤᠷᠲᠠᠨ ᠲᠠᠶᠢᠯᠪᠤᠷᠢᠯᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠠᠵᠢᠯᠯᠠᠭ᠎ᠠ ᠳᠤ ᠣᠷᠣᠯᠴᠠᠭᠰᠠᠨ ᠮᠠᠯᠴᠢᠨ ᠲᠦᠮᠡᠨ ᠳᠤ  ︽ᠤᠯᠤᠰ ᠤᠨ ᠪᠠᠲᠤᠯᠠᠨ ᠬᠠᠮᠠᠭᠠᠯᠠᠯᠲᠠ ᠶᠢᠨ  ᠬᠥᠮᠦᠵᠢᠯ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢ ᠪᠠᠬᠢᠵᠢᠭᠦᠯᠬᠦ ᠶᠢᠨ ᠰᠠᠭᠤᠷᠢ ᠮᠥᠨ᠂ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂ ᠪᠦᠬᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ  ᠴᠢᠬᠤᠯᠠ ᠠᠷᠭ᠎ᠠ ᠵᠠᠮ ᠮᠥᠨ︾ ᠭᠡᠳᠡᠭ ᠢ  ᠮᠡᠳᠡᠭᠳᠡᠬᠦ ᠶᠢᠨ ᠬᠠᠮᠳᠤ᠂ ᠮᠠᠨ ᠤ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢ ᠴᠢᠨᠠᠷ᠂ ᠶᠠᠭᠤᠨ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠬᠢᠵᠦ ᠪᠠᠶᠢᠭ᠎ᠠ᠂ ᠠᠷᠠᠳ ᠢᠷᠭᠡᠳ ᠤᠨ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ︾ ᠵᠡᠷᠭᠡ ᠲᠠᠯ᠎ᠠ ᠪᠠᠷ ᠤᠬᠠᠭᠤᠯᠭ᠎ᠠ ᠬᠢᠵᠦ᠂ ᠤᠯᠠᠨ ᠲᠦᠮᠡᠨ  ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂  ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠶᠢ ᠤᠬᠠᠮᠰᠠᠷ ᠠᠴᠠ ᠪᠠᠨ ᠬᠦᠢᠴᠡᠳᠭᠡᠨ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠨ ᠲᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ  ᠳᠤ ᠢᠳᠡᠪᠬᠢᠳᠡᠢ ᠤᠷᠤᠯᠴᠠᠬᠤ ᠶᠢ ᠤᠷᠢᠶᠠᠯᠠᠭᠰᠠᠨ ᠪᠠᠶᠢᠨ᠎ᠠ᠃ ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠲᠦᠭᠡᠮᠡᠯᠵᠢᠭᠦᠯᠦᠭᠰᠡᠨ ᠢᠶᠠᠷ ᠪᠠᠷᠠᠬᠤ ᠦᠭᠡᠢ ᠪᠠᠰᠠ ᠤᠯᠠᠨ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠠ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠨᠡᠮᠡᠭᠳᠡᠭᠦᠯᠵᠡᠢ᠃ ᠳᠠᠷᠠᠭᠠᠴᠢ ᠶᠢᠨ ᠠᠯᠬᠤᠮ ᠳᠤ᠂ ᠬᠦᠨᠪᠤᠯᠠᠭ  ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ ᠨᠢ ᠤᠬᠠᠭᠤᠯᠭ᠎ᠠ ᠶᠢᠨ ᠬᠡᠯᠪᠡᠷᠢ ᠪᠠ ᠠᠭᠤᠯᠭ᠎ᠠ ᠶᠢ ᠲᠠᠰᠤᠷᠠᠯᠲᠠ ᠦᠭᠡᠢ  ᠪᠠᠶᠠᠯᠢᠬᠵᠢᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠢᠨ᠎ᠡ ᠵᠢᠷᠤᠭ ᠲᠥᠰᠥᠪ ᠢ ᠬᠠᠮᠲᠤᠪᠠᠷ ᠵᠢᠷᠤᠭᠯᠠᠬᠤ   ᠪᠠᠷ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号