ᠰᠢᠩ ᠹᠦ᠋ ᠰᠢᠶᠠᠩ ᠭᠠᠵᠢᠭᠤ ᠨᠣᠮᠯᠠᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/21
  ᠤᠯᠠᠨ ᠲᠦᠮᠡᠨ ᠤ ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠢ ᠳᠡᠭᠡᠭᠰᠢᠯᠡᠭᠦᠯᠵᠦ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠦᠷ᠎ᠡ ᠪᠦᠲᠦᠭᠡᠯ ᠢ ᠪᠠᠬᠢᠵᠢᠬᠦᠯᠦᠨ᠂ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ  ᠂ ᠣᠶᠢᠷ᠎ᠠ ᠳᠤ ᠰᠢᠩ ᠹᠦ᠋ ᠰᠢᠶᠠᠩ ᠤᠨ ᠵᠠᠰᠠᠭ ᠤᠨ ᠤᠷᠤᠨ ᠤ ᠬᠢᠨ ᠠᠮᠤᠷ ᠢ ᠬᠠᠮᠠᠭᠠᠯᠠᠬᠤ ᠲᠣᠮᠢᠯᠠᠭᠰᠠᠨ ᠰᠠᠯᠪᠤᠷᠢ ᠲᠠᠢ ᠬᠤᠯᠪᠤᠭᠠᠯᠠᠨ᠂  2023 ᠣᠨ ᠤ ᠭᠠᠵᠢᠭᠤ ᠨᠣᠮᠯᠠᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠠᠵᠢᠯᠲᠠᠳ ᠨᠢᠭᠤᠷᠲᠠᠨ ᠲᠠᠶᠢᠯᠪᠤᠷᠢᠯᠠᠬᠤ᠂ ᠤᠬᠠᠭᠤᠯᠭ᠎ᠠ   ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠰᠢᠨᠵᠢᠯᠡᠬᠦ ᠤᠬᠠᠭᠠᠨᠴᠢ ᠦᠵᠡᠯ ᠰᠠᠨᠠᠭ᠎ᠠ   ᠶᠢ ᠶᠡᠭᠡ ᠪᠠᠷ ᠤᠬᠠᠭᠤᠯᠤᠭᠰᠠᠨ ᠪᠥᠭᠡᠳ ᠭᠠᠵᠢᠭᠤ ᠨᠣᠮᠯᠠᠯ ᠭᠡᠭᠴᠢ ᠶᠠᠭᠤ ᠪᠤᠯᠬᠤ᠂ ᠭᠠᠵᠢᠭᠤ ᠨᠣᠮᠯᠠᠯ  ᠠᠴᠠ ᠪᠣᠯᠤᠭᠰᠠᠨ ᠬᠤᠣᠷ ᠬᠥᠨᠥᠭᠡᠯ ᠵᠡᠷᠭᠡ ᠶᠢ ᠨᠠᠷᠢᠨ ᠲᠠᠶᠢᠯᠪᠤᠷᠢᠯᠠᠵᠤ᠂ ᠭᠠᠵᠢᠭᠤ ᠨᠣᠮᠯᠠᠯ ᠤᠨ  ᠦᠢᠯᠡ ᠠᠵᠢᠯᠯᠠᠭᠠᠨ ᠤ ᠣᠨᠴᠠᠯᠢᠭ   ᠢ ᠪᠦᠬᠦ ᠲᠠᠯ᠎ᠠ ᠪᠠᠷ ᠵᠠᠳᠠᠯᠤᠨ᠂ ᠭᠠᠵᠢᠭᠤ ᠨᠣᠮᠯᠠᠯ ᠪᠣᠯᠣᠨ ᠱᠠᠰᠢᠨ ᠰᠤᠷᠲᠠᠬᠤᠨ ᠤ ᠢᠯᠭᠠᠭ᠎ᠠ   ᠶᠢ ᠲᠣᠳᠣᠷᠬᠠᠶᠢᠯᠠᠭᠰᠠᠨ ᠤ ᠬᠠᠮᠳᠤ  ᠂ ᠭᠠᠵᠢᠭᠤ ᠨᠣᠮᠯᠠᠯ   ᠢ ᠡᠰᠡᠷᠭᠦᠴᠡᠬᠦ ᠬᠤᠯᠪᠣᠭᠳᠠᠯ ᠪᠦᠬᠦᠢ ᠬᠠᠤᠯᠢ ᠲᠦᠷᠢᠮ ᠢ ᠣᠯᠠᠨ ᠳᠤ ᠲᠦᠭᠡᠮᠡᠯᠵᠢᠭᠦᠯᠵᠡᠢ᠃  ᠡᠨᠡ ᠤᠳᠠᠭᠠᠨ ᠤ ᠠᠵᠢᠯᠯᠠᠭ᠎ᠠ ᠪᠠᠷ ᠲᠠᠮᠵᠢᠭᠠᠳ᠂ ᠬᠠᠷᠢᠶ᠎ᠠ ᠣᠷᠣᠨ ᠤ ᠪᠠᠨ ᠣᠯᠠᠨ ᠲᠦᠮᠡᠨ ᠤ ᠭᠠᠵᠢᠭᠤ ᠨᠣᠮᠯᠠᠯ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢ ᠪᠦᠲᠦᠮᠵᠢᠲᠡᠶ ᠴᠢᠩᠭᠠᠷᠠᠭᠤᠯᠵᠤ᠂  ᠪᠦᠬᠦ ᠰᠢᠶᠠᠩ ᠤᠨ ᠭᠠᠵᠢᠭᠤ ᠨᠣᠮᠯᠠᠯ ᠢ ᠵᠠᠰᠠᠬᠤ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ︽ᠭᠤᠷᠪᠠᠨ ᠡᠷᠡᠰ︾ ᠪᠠ ︽ᠬᠤᠶᠠᠷ ᠬᠠᠮᠤᠭ ᠤᠨ ᠶᠡᠭᠡ ᠬᠡᠮᠵᠢᠶ᠎ᠡ︾ ᠶᠢᠨ ᠠᠵᠢᠯ ᠤᠨ ᠬᠠᠷᠠᠯᠲᠠ ᠶᠢ ᠪᠡᠶᠡᠯᠡᠭᠦᠯᠬᠦ ᠵᠢᠴᠢ ᠠᠮᠤᠷ ᠠᠮᠤᠭᠤᠯᠠᠩ ᠥᠪᠥᠷ ᠮᠣᠩᠭᠤᠯ ᠢ  ᠪᠠᠶᠢᠭᠤᠯᠬᠤ᠂ ᠡᠬᠡ ᠤᠯᠤᠰ ᠤᠨ ᠤᠮᠠᠷᠠᠲᠤ ᠶᠢᠨ ᠠᠮᠤᠷ  ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠨᠡᠮᠡᠷᠢᠯᠡᠭᠰᠡᠨ ᠪᠠᠶᠢᠨ᠎ᠠ᠃  
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号