ᠵᠤᠤ ᠹᠧᠢ ᠫᠧᠩ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2023/9/25
   9 ᠰᠠᠷ᠎ᠠ   ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠦᠨᠪᠤᠯᠠᠭ ᠰᠤᠮᠤ᠂ ᠴᠢᠶᠠᠨ ᠶᠢᠨ ᠭᠧᠦ ᠪᠠᠯᠭᠠᠰᠤ᠂ ᠪᠤᠤᠴᠠᠩ ᠪᠠᠯᠭᠠᠰᠤ ᠵᠡᠷᠭᠡ ᠭᠠᠵᠠᠷ ᠢᠶᠠᠷ ᠬᠦᠨᠵᠡᠬᠡᠶᠢᠷᠡᠵᠦ᠂ ᠡᠷᠦᠬᠡ ᠶᠢᠨ ᠵᠣᠷᠯᠣᠩ   ᠢ ᠴᠡᠭᠴᠡᠯᠡᠨ ᠰᠠᠶᠢᠵᠢᠷᠠᠭᠤᠯᠬᠤ᠂ ᠲᠥᠮᠥᠰᠥ ᠬᠤᠷᠢᠶᠠᠵᠤ ᠬᠠᠳᠠᠭᠠᠯᠠᠬᠤ᠂ ᠮᠠᠯ ᠠᠵᠤ ᠠᠬᠤᠢ   ᠶᠢᠨ ᠬᠥᠭᠵᠢᠯᠲᠡ᠂ ᠨᠠᠮᠤᠷ ᠤᠨ ᠤᠯᠠᠷᠢᠯ ᠤᠨ ᠭᠠᠯ  ᠰᠡᠷᠭᠡᠶᠢᠯᠡᠯᠳᠡ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠡᠢ᠃ ᠸᠠᠩ ᠸᠧᠢ ᠬᠤᠩ᠂ ᠵᠤᠤ ᠬᠠᠢ ᠯᠢ᠂ ᠯᠢ ᠵᠠᠨ ᠪᠦᠦ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠵᠤᠤ ᠹᠧᠢ ᠫᠧᠩ  ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ  ᠠᠰᠠᠭᠤᠳᠠᠯ ᠲᠠᠢ ᠵᠣᠷᠯᠣᠩ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠤ ᠨᠡᠶᠢᠴᠡᠭᠰᠡᠨ᠂ ᠣᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠠᠪᠴᠤ᠂ ᠲᠦᠬᠦᠭᠡᠷᠦᠮᠵᠢ ᠶᠢ ᠲᠡᠭᠦᠯᠳᠡᠷᠵᠢᠭᠦᠯᠦᠨ᠂  ᠵᠣᠷᠯᠣᠩ ᠤᠨ ᠦᠬᠡᠷᠡᠴᠢᠯᠡᠯᠳᠡ ᠶᠢᠨ ᠠᠬᠢᠴᠠ ᠶᠢ ᠲᠦᠷᠭᠡᠳᠬᠡᠵᠦ᠂ ᠥᠭᠡᠷᠡᠴᠢᠯᠡᠬᠦ ᠶᠣᠰᠣᠲᠠᠢ ᠶᠢ ᠨᠢ ᠪᠦᠬᠦᠨ ᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ᠃  ᠤᠳᠤ ᠪᠤᠯ ᠶᠠᠭ  ᠲᠥᠮᠥᠰᠥ ᠬᠤᠷᠢᠶᠠᠬᠤ ᠴᠠᠭ ᠪᠤᠯᠬᠤᠷ᠂ ᠡᠯ᠎ᠡ ᠰᠤᠮᠤ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠲᠠᠷᠢᠶᠠᠯᠠᠩ ᠤᠨ ᠮᠠᠰᠢᠨ ᠤ ᠦᠢᠯᠡᠴᠢᠯᠡᠭᠡ ᠶᠢ ᠰᠠᠶᠢᠲᠤᠷ ᠬᠢᠵᠦ᠂ ᠨᠠᠮᠤᠷ ᠤᠨ ᠬᠤᠷᠢᠶᠠᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ  ᠂ ᠠᠶᠤᠯᠭᠦᠢ  ᠦᠢᠯᠡᠳᠪᠦᠷᠢᠯᠡᠯ᠂ ᠭᠠᠯ  ᠰᠡᠷᠭᠡᠶᠢᠯᠡᠯᠳᠡ ᠵᠡᠷᠭᠡ ᠠᠵᠢᠯ ᠲᠠᠢ ᠤᠶᠠᠯᠳᠤᠭᠤᠯᠤᠨ᠂ ᠠᠵᠢᠯ ᠡᠬᠦᠷᠭᠡ ᠪᠠᠨ ᠨᠠᠷᠢᠯᠢᠭ ᠬᠤᠪᠢᠶᠠᠷᠢᠯᠠᠵᠤ  ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠪᠥᠬᠦ ᠬᠤᠰᠢᠭᠤᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ ᠃  ᠵᠣᠣ ᠹᠧᠢ ᠫᠧᠩ ᠪᠠᠰᠠ ᠵᠢᠩ ᠮᠧᠩ ᠸᠧᠢ ᠶᠧ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ᠂ ᠴᠠᠩ ᠴᠢ ᠬᠤᠩ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠳᠤ ᠬᠦᠷᠴᠦ᠂  ᠮᠢᠬᠠᠨ ᠤ ᠦᠬᠡᠷ ᠲᠡᠵᠢᠭᠡᠨ ᠦᠷᠡᠵᠢᠭᠦᠯᠬᠦ ᠪᠠ   ᠮᠠᠯ ᠤᠨ ᠵᠠᠷᠤᠴᠠᠭᠤᠯᠤᠯᠳᠠ ᠡᠳ᠋ᠰᠢᠬᠦᠯᠦᠯᠳᠡ ᠶᠢᠨ ᠪᠠᠶᠢᠳᠠᠯ ᠢ ᠪᠠᠶᠢᠴᠠᠭᠠᠨ ᠣᠶᠢᠯᠠᠭᠠᠪᠠ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠴᠢᠶᠠᠨ  ᠶᠢᠨ ᠭᠧᠦ ᠪᠠᠯᠭᠠᠰᠤ᠂ ᠪᠦᠦ ᠴᠠᠩ ᠪᠠᠯᠭᠠᠰᠤ᠂  ᠬᠦᠨᠪᠤᠯᠠᠭ ᠰᠤᠮᠤᠨ ᠤ ᠭᠤᠣᠯ ᠬᠠᠷᠢᠭᠤᠴᠠᠯᠭᠠᠲᠠᠨ  ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号