ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 9 ᠰᠠᠷ᠎ᠠ ᠶᠢᠨ 21 ᠤ ᠡᠳᠦᠷ | ᠥᠪᠡᠷᠲᠡᠭᠡᠨ ᠵᠠᠰᠠᠬᠤ ᠣᠷᠣᠨ ᠤ 2023 ᠣᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ | ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ | ᠱᠠᠭᠠᠷᠳᠠᠨ ᠪᠠᠶᠢᠴᠠᠭᠠᠬᠤ ᠵᠢᠷᠭᠤᠳᠤᠭᠠᠷ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠠᠩ ᠴᠠᠩ ᠴᠦᠨ ᠵᠡᠷᠭᠡ | ᠬᠦᠮᠦᠰ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ ᠱᠠᠭᠠᠷᠳᠠᠨ ᠪᠠᠶᠢᠴᠠᠭᠠᠯᠲᠠ ᠬᠢᠵᠡᠢ᠃ ᠪᠠᠶᠢᠴᠠᠭᠠᠬᠤ | ᠳᠤᠭᠤᠶᠢᠯᠠᠩ ᠤᠨ ᠬᠢᠨ ᠤᠷᠢᠳ ᠬᠤᠵᠢᠳ ᠪᠤᠤᠴᠠᠩ ᠪᠠᠯᠭᠠᠰᠤ᠂ ᠴᠢᠶᠠᠨ ᠶᠢᠨ ᠭᠧᠦ ᠪᠠᠯᠭᠠᠰᠤ᠂ ᠲᠠᠯ᠎ᠠ ᠨᠤᠲᠤᠭ | ᠠᠷᠢᠬᠢ ᠨᠡᠷᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠺᠠᠢ ᠳ᠋ᠠ ᠾᠧᠩ ᠶᠧ ᠢᠳᠡᠭᠡᠨ ᠤ ᠬᠢᠵᠠᠭᠠᠷᠲᠤ ᠺᠣᠮᠫᠠᠨᠢ | ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤᠨᠢ ᠱᠠᠭᠠᠷᠳᠠᠨ ᠪᠠᠶᠢᠴᠠᠭᠠᠭᠰᠠᠨ ᠪᠦᠭᠡᠳ ᠶᠠᠷᠢᠯᠴᠠᠬᠤ ᠬᠤᠷᠠᠯ | ᠬᠤᠷᠠᠯᠳᠤᠭᠤᠯᠵᠤ᠂ ᠲᠠᠶᠢᠹᠤᠰᠧ ᠬᠤᠰᠢᠭᠤᠨ ᠤ 2023 ᠣᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠪᠠ᠃ ᠶᠠᠩ ᠴᠠᠩ ᠴᠦᠨ ᠵᠢᠭᠠᠵᠤ ᠭᠠᠷᠭᠠᠬᠤ ᠳᠠᠭᠠᠨ᠂ | ᠡᠨᠡ ᠤᠳᠠᠭᠠᠨ ᠤ ᠱᠠᠭᠠᠷᠳᠠᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠨᠢ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠠᠴᠠ ᠬᠦᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ ᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠵᠤ ᠂ ᠣᠳᠣᠬᠠᠨ ᠤ ᠠᠵᠢᠯ ᠤᠨ ᠲᠤᠬᠠᠢ ᠨᠢᠭᠡ ᠤᠳᠠᠭᠠᠨ ᠤ | ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠬᠢᠭᠰᠡᠨ ᠪᠠ ᠰᠤᠳᠠᠯ ᠪᠠᠷᠢᠵᠤ ᠤᠨᠤᠰᠢᠯᠠᠭᠰᠠᠨ ᠶᠠᠪᠤᠳᠠᠯ ᠶᠤᠮ᠃ ᠡᠨᠡ | ᠤᠳᠠᠭᠠᠨ ᠤ ᠪᠠᠶᠢᠴᠠᠭᠠᠯᠲᠠ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠲᠠᠩᠰᠠ ᠮᠠᠲ᠋ᠧᠷᠢᠶᠠᠯ ᠢ ᠪᠠᠶᠢᠴᠠᠭᠠᠨ ᠦᠵᠡᠬᠦ᠂ | ᠠᠵᠤ ᠠᠬᠤᠶᠢᠯᠠᠯ ᠪᠠ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠳᠤ ᠭᠦᠨᠵᠡᠭᠡᠶᠢᠷᠡᠨ ᠲᠤᠬᠠᠢ ᠶᠢᠨ ᠭᠠᠵᠠᠷ | ᠲᠤᠨᠢ ᠪᠠᠶᠢᠴᠠᠭᠠᠨ ᠰᠤᠷᠪᠤᠯᠵᠢᠯᠠᠬᠤ ᠵᠡᠷᠭᠡ ᠬᠡᠯᠪᠡᠷᠢ ᠪᠠᠷ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ | ᠲᠤᠤᠱᠯᠠᠭᠤᠯᠤᠨ ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷ ᠲᠠᠢ ᠠᠰᠠᠭᠤᠳᠠᠯ ᠢ ᠡᠷᠢᠬᠦ ᠶᠢᠨ | ᠬᠠᠮᠲᠤ ᠪᠠᠰᠠ ᠰᠠᠶᠢᠨ ᠠᠷᠭ᠎ᠠ ᠲᠤᠷᠰᠢᠯᠭ᠎ᠠ ᠶᠢ ᠣᠯᠵᠤ ᠮᠡᠳᠡᠭᠰᠡᠨ ᠪᠠᠶᠢᠨ᠎ᠠ ᠬᠡᠵᠡᠢ᠃ ᠱᠠᠭᠠᠷᠳᠠᠨ ᠪᠠᠶᠢᠴᠠᠭᠠᠬᠤ | ᠳᠤᠭᠤᠶᠢᠯᠠᠩ ᠤᠨ ᠬᠢᠨ ᠪᠠᠰᠠ ᠲᠠᠶᠢᠹᠤᠰᠧ ᠬᠤᠰᠢᠭᠤᠨ ᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ 2023 ᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠦᠪᠡᠷᠳᠡᠭᠡᠨ ᠪᠠᠶᠢᠴᠠᠭᠠᠵᠤ ᠢᠯᠡᠷᠡᠭᠦᠯᠦᠭᠰᠡᠨ | ᠠᠰᠠᠭᠤᠳᠠᠯ ᠤᠨ ᠲᠤᠬᠠᠢ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠰᠠᠨᠠᠯ ᠢᠶᠠᠨ | ᠰᠤᠯᠢᠯᠴᠠᠭᠰᠠᠨ ᠪᠦᠭᠡᠳ ᠠᠵᠢᠯ ᠢ ᠨᠠᠶᠢᠳᠠᠪᠤᠷᠢᠵᠢᠭᠤᠯᠬᠤ ᠶᠠᠪᠤᠴᠠ ᠳᠠᠬᠢ ᠥᠪᠡᠷᠲᠡᠭᠡᠨ ᠵᠠᠰᠠᠬᠤ ᠣᠷᠣᠨ ᠤ | ᠳᠠᠪᠬᠤᠷᠭ᠎ᠠ ᠠᠴᠠ ᠵᠣᠬᠢᠴᠠᠭᠤᠯᠬᠤ ᠪᠠ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠨᠠᠷᠢᠨ ᠣᠶᠢᠯᠠᠭᠠᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠣᠪᠣᠷ ᠢᠶᠠᠨ | ᠢᠯᠡᠳᠬᠡᠬᠦ ᠳᠡᠭᠡᠨ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠡᠨᠡ ᠤᠳᠠᠭᠠᠨ ᠤ ᠲᠤᠰᠬᠠᠢ | ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ | ᠠᠰᠠᠭᠤᠳᠠᠯ ᠪᠠ ᠵᠢᠯᠤᠭᠤᠳᠬᠤ ᠰᠠᠨᠠᠯ ᠲᠠᠢ ᠨᠠᠷᠢᠨ ᠬᠢᠨᠠᠮᠠᠭᠠᠢ ᠬᠠᠷᠢᠴᠠᠭᠤᠯᠤᠨ᠂ ᠠᠰᠠᠭᠤᠳᠠᠯ ᠢ ᠭᠦᠨᠵᠡᠭᠡᠢ ᠰᠤᠳᠤᠯᠵᠤ | ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ 2023 | ᠣᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠷ᠎ᠡ ᠪᠦᠲᠦᠮᠵᠢ ᠲᠠᠢ | ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠪᠠᠶᠢᠳᠠᠯ ᠢ ᠡᠬᠦᠳᠬᠦ ᠪᠠᠷ ᠴᠢᠷᠮᠠᠶᠢᠨ᠎ᠠ ᠬᠡᠵᠡᠢ᠃ ᠬᠤᠷᠠᠯ ᠤᠨ | ᠲᠠᠷᠠᠭ᠎ᠠ᠂ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠭᠤᠣᠯᠳᠠᠯᠭ᠎ᠠ ᠲᠠᠢ ᠠᠵᠢᠯ ᠤᠨ ᠲᠠᠩᠰᠠ | ᠮᠠᠲ᠋ᠧᠷᠢᠶᠠᠯ ᠢ ᠪᠠᠶᠢᠴᠠᠭᠠᠨ ᠦᠵᠡᠪᠡ᠃ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠳᠡᠳ᠋ | ᠳᠠᠷᠤᠭ᠎ᠠ ᠵᠢᠶᠣᠣ ᠵᠢᠶᠠᠨ ᠢᠦᠢ᠂ ᠳᠡᠳ᠋ ᠬᠤᠰᠢᠭᠤ ᠳᠠᠷᠤᠭ᠎ᠠ ᠯᠢ ᠵᠠᠨ ᠪᠦᠦ ᠬᠤᠷᠠᠯ ᠳᠤ ᠣᠷᠣᠯᠴᠠᠵᠤ᠂ | ᠥᠪᠡᠷᠲᠡᠭᠡᠨ ᠵᠠᠰᠠᠬᠤ ᠣᠷᠣᠨ ᠤ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠭᠡᠰᠢᠬᠦᠳ᠂ ᠠᠶᠢᠮᠠᠭ ᠤᠨ | ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠠᠶᠢᠹᠤᠰᠧ | ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ |