9 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠤ ᠹᠧᠢ ᠫᠧᠩ ᠲᠠᠶᠢᠹᠤᠰᠧ | ᠬᠤᠰᠢᠭᠤᠨ ᠤ ᠱᠧᠨ ᠨᠧᠩ ᠢᠯᠴᠢ ᠴᠠᠬᠢᠯᠭᠠᠨ ᠤ ᠦᠢᠯᠡᠳᠪᠦᠷᠢ᠂ ᠶᠠᠩ ᠭᠤᠸᠠᠩ ᠰᠠᠭᠤᠭᠠᠯᠢ ᠲᠤᠭᠤᠷᠢᠭ ᠤᠨ | ᠢᠯᠴᠢ ᠰᠤᠯᠢᠭᠳᠠᠭᠤᠯᠬᠤ ᠦᠷᠳᠡᠭᠡᠨ ᠤ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠭᠠᠵᠠᠷ ᠲᠤ | ᠭᠦᠨᠵᠡᠭᠡᠶᠢᠷᠡᠨ᠂ ᠡᠪᠦᠯ ᠤᠨ ᠲᠤᠯᠠᠭᠠᠯᠠᠭ᠎ᠠ ᠶᠢᠨ ᠪᠠᠳᠤᠯᠠᠭᠠᠨ ᠤ ᠠᠵᠢᠯ ᠢ ᠪᠠᠶᠢᠴᠠᠭᠠᠨ ᠰᠤᠳᠤᠯᠵᠤ᠂ ᠪᠠᠷᠢᠯᠭ᠎ᠠ ᠶᠢᠨ | ᠠᠬᠢᠴᠠ᠂ ᠲᠣᠨᠤᠭ ᠲᠥᠬᠦᠭᠡᠷᠦᠮᠵᠢ ᠶᠢᠨ ᠪᠠᠶᠢᠴᠠᠭᠠᠯᠳᠠ ᠵᠠᠰᠠᠯᠳᠠ᠂ ᠨᠡᠬᠦᠷᠡᠰᠦ ᠲᠦᠯᠡᠰᠢᠨ ᠤ ᠪᠡᠯᠡᠳᠬᠡᠯ ᠵᠡᠷᠭᠡ | ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠵᠣᠣ ᠹᠧᠢ ᠫᠧᠩ᠂ ᠡᠪᠦᠯ ᠤᠨ ᠳᠤᠯᠠᠭᠠᠯᠠᠭ᠎ᠠ ᠨᠢ ᠲᠦᠭ ᠲᠦᠮᠡᠨ | ᠠᠶᠢᠯ ᠡᠷᠦᠬᠡ ᠳᠤ ᠬᠤᠯᠪᠤᠭᠳᠠᠭᠰᠠᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ | ᠰᠡᠳᠬᠢᠯ ᠤᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠪᠠᠰᠠ ᠴᠤ ᠨᠢᠭᠡ ᠵᠦᠢᠯ ᠤᠨ ᠴᠢᠬᠤᠯᠠ ᠶᠡᠭᠡ ᠤᠯᠤᠰ | ᠲᠥᠷᠥ ᠶᠢᠨ ᠡᠭᠦᠷᠭᠡ ᠪᠣᠯᠣᠨ᠎ᠠ᠃ ᠤᠯᠠᠨ ᠲᠦᠮᠡᠨ ᠤ ᠬᠠᠯᠠᠭᠤᠨ ᠲᠤᠯᠠᠭᠠᠨ ᠢ ᠢᠮᠠᠭᠲᠠ ᠰᠡᠳᠬᠢᠯ ᠳᠡᠭᠡᠨ ᠪᠤᠳᠤᠵᠤ᠂ | ᠡᠯ᠎ᠡ ᠲᠦᠷᠦᠯ ᠤᠨ ᠪᠠᠳᠤᠯᠠᠭᠠᠨ ᠤ ᠠᠵᠢᠯ ᠢ ᠨᠠᠷᠢᠨ ᠨᠢᠬᠳᠠ ᠬᠢᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ | ᠨᠡᠶᠢᠭᠡᠮ ᠤᠨ ᠬᠠᠷᠢᠭᠤᠴᠠᠯᠭ᠎ᠠ ᠶᠢ ᠦᠨᠡᠨᠬᠦ ᠬᠦᠢᠴᠡᠳᠭᠡᠨ᠂ ᠦᠢᠯᠡᠳᠪᠦᠷᠢᠯᠡᠯ ᠤᠨ ᠠᠮᠤᠷ ᠲᠦᠪᠰᠢᠨ ᠪᠣᠯᠣᠨ | ᠬᠠᠩᠭᠠᠯᠭ᠎ᠠ ᠶᠢᠨ ᠠᠮᠤᠷ ᠲᠦᠪᠰᠢᠨ ᠤ ᠪᠠᠳᠤᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠠᠵᠤ | ᠠᠬᠤᠶᠢᠯᠠᠯ ᠤᠳ ᠨᠢ ᠪᠠᠷᠢᠯᠭ᠎ᠠ ᠶᠢᠨ ᠠᠵᠢᠯ ᠤᠨ ᠠᠬᠢᠴᠠ ᠪᠠᠨ ᠲᠦᠷᠭᠡᠳᠬᠡᠵᠦ᠂ ᠠᠮᠤᠷ ᠲᠦᠪᠰᠢᠨ᠂ ᠣᠷᠴᠢᠨ | ᠲᠣᠭᠤᠷᠢᠨ ᠤ ᠬᠠᠮᠠᠭᠠᠯᠠᠯᠳᠠ᠂ ᠨᠡᠭᠦᠷᠡᠰᠦ ᠲᠦᠯᠡᠰᠢ ᠨᠦᠬᠡᠴᠡᠯᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠵᠡᠷᠭᠡ ᠲᠤᠯᠠᠭᠠᠯᠠᠭ᠎ᠠ ᠶᠢᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠰᠠᠶᠢᠨ ᠬᠢᠬᠦ ᠬᠡᠷᠡᠭᠲᠡᠢ᠃ ᠴᠠᠭ ᠠᠭᠤᠷ ᠤᠨ | ᠬᠤᠪᠢᠷᠠᠯᠲᠠ ᠶᠢ ᠨᠢᠭᠲᠠ ᠠᠩᠬᠠᠷᠴᠤ᠂ ᠳᠤᠯᠠᠭᠠᠯᠭ᠎ᠠ ᠶᠢᠨ ᠠᠷᠭ᠎ᠠ ᠲᠦᠰᠦᠪ ᠢ ᠵᠣᠬᠢᠰᠲᠠᠢ ᠲᠤᠬᠢᠷᠠᠭᠤᠯᠤᠨ᠂ ᠠᠶᠢᠯ | ᠡᠷᠦᠬᠡ ᠪᠣᠯᠭᠠᠨ ᠤ ᠬᠠᠯᠠᠭᠤᠨ ᠲᠤᠯᠠᠭᠠᠨ ᠡᠪᠦᠯᠵᠢᠬᠦ ᠶᠢ ᠪᠠᠳᠤᠯᠠᠬᠤ ᠭᠡᠷᠡᠭᠳᠡᠢ ᠬᠡᠵᠦ ᠴᠢᠬᠤᠯᠠᠴᠢᠯᠠᠵᠠᠢ᠃ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶᠠᠨ ᠤ ᠭᠤᠣᠯ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |