ᠲᠠᠶᠢᠹᠤᠰᠧ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠬᠡᠯᠵᠢᠳᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/25
   9 ᠰᠠᠷ᠎ᠠ ᠶᠢᠨ 23 ᠤ ᠡᠳᠦᠷ᠂  ᠲᠠᠶᠢᠹᠤᠰᠧ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠨᠢ 2023 ᠣᠨ ᠤ 10 ᠳ᠋ᠤᠭᠠᠷ ᠤᠳᠠᠭᠠᠨ ᠤ ᠡᠬᠡᠯᠵᠢᠳᠦ ᠬᠤᠷᠠᠯ ᠵᠢᠴᠢ ︽ᠬᠤᠶᠠᠷ ᠪᠠᠶᠠᠷ︾   ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂  ᠬᠤᠰᠢᠭᠤ ᠨᠠᠮ ᠤᠨ ᠬᠤᠷᠢᠶᠠᠨ ᠤ  ᠲᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ᠂  ᠲᠡᠳ᠋ ᠬᠤᠰᠢᠭᠤ ᠲᠠᠷᠤᠭ᠎ᠠ ᠰᠦᠨ ᠶᠠᠨ᠂ ᠸᠠᠩ ᠵᠢᠦᠢ ᠰᠢ᠂ ᠪᠦᠦ ᠴᠢᠩ ᠱᠠᠨ ᠬᠤᠷᠠᠯ ᠳᠤ ᠤᠷᠤᠯᠴᠠᠨ᠂  ᠲᠡᠳ᠋ ᠬᠤᠰᠢᠭᠤ ᠲᠠᠷᠤᠭ᠎ᠠ ᠶᠢᠨ ᠶᠦᠩ ᠾᠧ ᠬᠤᠷᠠᠯ ᠢ ᠡᠷᠬᠢᠯᠡᠪᠡ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠬᠦᠭᠵᠢᠯᠳᠡ  ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠶᠢᠨ ᠤᠬᠠᠮᠰᠠᠷ᠂ ᠰᠠᠨᠠᠭᠠᠰᠢᠷᠠᠯ ᠤᠨ ᠤᠬᠠᠮᠰᠠᠷ ᠢᠶᠠᠨ ᠤᠯᠠᠮ ᠴᠢᠩᠭᠠᠳᠬᠠᠨ᠂  ᠠᠶᠤᠯᠭᠦᠢ ᠦᠢᠯᠡᠳᠪᠦᠷᠢᠯᠡᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠪᠦᠬᠦ ᠬᠦᠴᠦᠨ ᠢᠶᠠᠷ  ᠰᠠᠶᠢᠲᠤᠷ ᠠᠳᠬᠤᠬᠤ ᠬᠡᠷᠡᠭᠲᠡᠢ᠃  ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠨᠡᠭᠦᠷᠡᠰᠦᠨ ᠤ ᠪᠤᠰᠤ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠰᠢᠲᠠᠮᠠᠬᠠᠢ ᠬᠡᠢ ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠣᠨᠴᠠ ᠲᠥᠷᠥᠯ ᠤᠨ ᠲᠥᠬᠦᠭᠡᠷᠦᠮᠵᠢ᠂ ᠭᠠᠯ ᠰᠡᠷᠭᠡᠶᠢᠯᠡᠯᠳᠡ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂  ᠭᠤᠣᠯᠳᠠᠯᠭ᠎ᠠ ᠲᠠᠢ ᠬᠢᠨᠠᠨ ᠬᠠᠮᠢᠶᠠᠷᠬᠤ᠂ ᠭᠤᠣᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠲᠡᠢ᠃  ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠲᠦᠷᠢᠮ ᠶᠣᠰᠣᠭᠠᠷ ᠡᠯ᠎ᠡ ᠲᠥᠷᠥᠯ ᠤᠨ ᠠᠵᠤ ᠠᠬᠤᠶᠢᠯᠠᠯ ᠪᠣᠯᠣᠨ ᠨᠢᠭᠡᠴᠡ ᠶᠢ  ᠱᠠᠭᠠᠷᠳᠠᠵᠤ ᠪᠠᠶᠢᠭᠠᠳ ᠠᠶᠤᠯᠬᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠶᠢᠯᠠᠯ ᠤᠳ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ ᠂  ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠦᠨ᠂ ᠡᠯ᠎ᠡ ᠵᠦᠢᠯ ᠤᠨ ᠠᠶᠤᠯᠬᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠳᠡᠭᠡᠷ᠎ᠡ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠨᠠᠷ ᠠᠴᠠ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠭᠡᠰᠢᠬᠦᠨ ᠨᠢᠭᠡᠴᠡ ᠶᠢᠨ ᠬᠠᠷᠢᠭᠤᠴᠠᠯᠭᠠᠲᠠᠨ ᠪᠠ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号